ᠭᠷᠧᠺ ᠤᠯᠤᠰ ᠤᠷᠤᠭᠤ ᠰᠢᠭᠤᠳ ᠨᠢᠰᠦᠯᠭᠡ ᠲᠡᠢ  ᠪᠤᠯᠤᠨ᠎ᠠ | News.MN

ᠭᠷᠧᠺ ᠤᠯᠤᠰ ᠤᠷᠤᠭᠤ ᠰᠢᠭᠤᠳ ᠨᠢᠰᠦᠯᠭᠡ ᠲᠡᠢ  ᠪᠤᠯᠤᠨ᠎ᠠ

ᠸᠢᠰᠠ ᠶᠢᠨ ᠱᠠᠭᠠᠷᠳᠠᠯᠭ᠎ᠠ ᠠᠴᠠ ᠴᠢᠯᠦᠭᠡᠯᠡᠭᠰᠡᠨ 34 ᠤᠯᠤᠰ ᠤᠨ ᠨᠢᠭᠡ ᠨᠢ ᠭᠷᠧᠺ ᠶᠤᠮ᠃ ᠵᠠᠮ ᠲᠡᠭᠡᠭᠡᠪᠤᠷᠢ ᠶᠢᠨ ᠬᠦᠭᠵᠢᠯ ᠦᠨ ᠶᠠᠮᠤᠨ ᠤ ᠰᠠᠶᠢᠳ ᠰ∙ᠪᠢᠮᠪᠠᠴᠣᠭᠲᠤ ᠪᠦᠭᠦᠳᠡ ᠨᠠᠶᠢᠷᠠᠮᠳᠠᠬᠤ ᠭᠷᠧᠺ ᠤᠯᠤᠰ ᠤᠨ ᠳᠡᠳ᠋ ᠪᠦᠲᠦᠴᠡ᠂ ᠲᠡᠭᠡᠭᠡᠪᠦᠷᠢ ᠶᠢᠨ ᠰᠠᠶᠢᠳ ᠺᠷᠢᠰᠲ᠋ᠦᠰ ᠰᠲ᠋ᠠᠢᠺᠤᠷᠠᠰ ᠲᠠᠢ ᠠᠯᠪᠠᠨ ᠶᠣᠰᠣᠨ ᠤ ᠠᠭᠤᠯᠵᠠᠯᠲᠠ ᠬᠢᠵᠦ᠂ ᠠᠭᠠᠷ ᠤᠨ ᠬᠠᠷᠢᠯᠴᠠᠭᠠᠨ ᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠶᠢᠷᠠᠮᠳᠠᠬᠤ ᠭᠷᠧᠺ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠲᠦ ᠭᠠᠷ ᠤᠨ ᠦᠰᠦᠭ ᠵᠢᠷᠤᠭᠰᠠᠨ ᠪᠠᠶᠢᠨ᠎ᠠ᠃
ᠢᠩᠭᠢᠭᠰᠡᠨ ᠢᠶᠡᠷ ᠮᠣᠩᠭᠣᠯ ᠤᠯᠤᠰ ᠤᠨ ᠢᠷᠭᠡᠳ ᠭᠷᠧᠺ ᠲᠦ᠂ ᠭᠷᠧᠺ ᠦᠨ ᠢᠷᠭᠡᠳ ᠮᠣᠩᠭᠣᠯ ᠳᠤ ᠠᠶᠠᠯᠠᠬᠤ ᠪᠣᠯᠤᠮᠵᠢ ᠪᠥᠷᠢᠳᠪᠡ᠃ ᠬᠣᠶᠠᠷ ᠲᠠᠯ᠎ᠠ ᠢᠷᠭᠡᠨ ᠦ ᠨᠢᠰᠬᠦ ᠶᠢᠨ ᠠᠶᠤᠯᠭᠦᠢ ᠠᠵᠢᠯᠯᠠᠭ᠎ᠠ᠂ ᠮᠡᠷᠭᠡᠵᠢᠯ ᠦᠨ ᠪᠣᠯᠪᠠᠰᠤᠨ ᠬᠦᠴᠦᠨ ᠦ ᠰᠤᠷᠭᠠᠯᠲᠠ᠂ ᠳᠠᠳᠤᠯᠭ᠎ᠠ᠂ ᠠᠭᠠᠷ ᠤᠨ ᠨᠠᠪᠢᠭᠠᠼ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠣᠭᠲᠠᠯ᠎ᠠ᠃

ᠰᠡᠳᠬᠢᠭᠳᠡᠯ ᠦᠯᠡᠳᠡᠭᠡᠬᠦ