ᠮᠠᠯᠴᠢᠳ᠂ ᠢᠷᠭᠡᠳ ᠬᠥᠳᠡᠯᠮᠦᠷᠢᠴᠢᠳ ᠬᠣᠪᠳᠣ ᠠᠶᠢᠮᠠᠭ ᠤᠨ 12 ᠰᠤᠮᠤ ᠶᠢᠨ ᠨᠤᠲᠤᠭ ᠲᠤ ᠬᠠᠳᠤᠯᠠᠩ ᠪᠡᠯᠡᠳᠬᠡᠬᠦ ᠪᠣᠯᠤᠮᠵᠢ ᠲᠠᠢ᠃ ᠣᠳᠣ ᠪᠠᠷ ᠨᠤᠲᠤᠭ ᠤᠨ ᠣᠨᠴᠠᠯᠢᠭ᠂ ᠴᠠᠭ ᠠᠭᠠᠷ ᠤᠨ ᠲᠥᠯᠥᠪ ᠪᠠᠶᠢᠳᠠᠯ ᠵᠡᠷᠭᠡ ᠣᠯᠠᠨ ᠬᠦᠴᠦᠨ ᠵᠦᠢᠯ ᠡᠴᠡ ᠰᠢᠯᠲᠠᠭᠠᠯᠠᠨ ᠬᠠᠳᠤᠯᠠᠩ ᠤᠨ ᠲᠠᠯᠠᠪᠠᠢ ᠶᠢᠨ 70-80 ᠬᠤᠪᠢ ᠶᠢ ᠠᠰᠢᠭᠯᠠᠵᠤ ᠪᠠᠶᠢᠨ᠎ᠠ᠃
ᠰᠡᠭᠦᠯ ᠦᠨ ᠲᠠᠪᠤᠨ ᠵᠢᠯ ᠦᠨ ᠬᠤᠭᠤᠴᠠᠭᠠᠨ ᠳᠤ ᠬᠢᠭᠰᠡᠨ ᠰᠤᠳᠤᠯᠭᠠᠨ ᠠᠴᠠ ᠦᠵᠡᠬᠦ ᠳᠦ ᠬᠣᠪᠳᠣ ᠠᠶᠢᠮᠠᠭ 58-60 ᠮᠢᠩᠭᠠᠨ ᠲᠣᠨ ᠬᠠᠳᠤᠯᠠᠩ ᠪᠡᠯᠡᠳᠬᠡᠵᠦ ᠪᠠᠶᠢᠭᠰᠠᠨ ᠪᠣᠯ ᠥᠩᠭᠡᠷᠡᠭᠰᠡᠨ ᠵᠢᠯ 68 ᠮᠢᠩᠭ᠎ᠠ ᠭᠠᠷᠤᠢ ᠲᠣᠨ ᠬᠠᠳᠤᠯᠠᠩ ᠪᠡᠯᠡᠳᠬᠡᠵᠦ᠂ ᠲᠥᠯᠥᠪᠯᠡᠭᠡ ᠪᠡᠨ ᠳᠠᠪᠠᠭᠤᠯᠤᠨ ᠪᠡᠶᠡᠯᠡᠭᠦᠯᠵᠡᠢ᠃ ᠡᠨᠡ ᠵᠢᠯ ᠲᠡᠳᠡ 58.6 ᠮᠢᠩᠭᠠᠨ ᠲᠣᠨ ᠬᠠᠳᠤᠯᠠᠩ ᠪᠡᠯᠡᠳᠬᠡᠬᠦ ᠪᠡᠷ ᠲᠥᠯᠥᠪᠯᠡᠭᠰᠡᠨ ᠡᠴᠡ ᠣᠳᠣ ᠶᠢᠨ ᠪᠠᠶᠢᠳᠠᠯ ᠢᠶᠠᠷ 40 ᠬᠤᠪᠢ ᠲᠠᠢ ᠦᠷᠭᠦᠯᠵᠢᠯᠡᠵᠦ ᠪᠠᠶᠢᠨ᠎ᠠ᠃