ᠠᠦᠢᠰᠲᠷᠠᠯᠢᠶ᠎ᠠ ᠶᠢᠨ ᠬᠣᠯᠪᠣᠭᠠᠨ ᠤ ᠤᠯᠤᠰ ᠤᠨ ᠵᠠᠰᠠᠭ ᠤᠨ ᠭᠠᠵᠠᠷ ᠠᠴᠠ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠣᠯᠠᠨ ᠤᠯᠤᠰ ᠤᠨ ᠡᠷᠢᠨ ᠬᠠᠶᠢᠬᠤ᠂ ᠠᠪᠤᠷᠠᠬᠤ ᠵᠥᠪᠯᠡᠯᠳᠦᠬᠦ ᠪᠦᠯᠦᠭ ᠲᠡᠢ ᠬᠠᠮᠲᠤᠷᠠᠨ ᠪᠷᠢᠰᠪᠧᠨ ᠬᠤᠲᠠᠨ᠎ᠠ ᠵᠣᠬᠢᠶᠠᠨ ᠪᠠᠶᠢᠭᠤᠯᠤᠭᠰᠠᠨ 《ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠭᠠᠵᠠᠷ ᠬᠥᠳᠡᠯᠦᠯᠲᠡ ᠶᠢᠨ ᠬᠠᠷᠢᠭᠤ ᠠᠷᠭ᠎ᠠ ᠬᠡᠮᠵᠢᠶᠡᠨ ᠦ ᠳᠠᠰᠬᠠᠯ ᠰᠤᠷᠭᠠᠭᠤᠯᠢ》 ᠳᠦ ᠤᠨᠴᠠᠭᠠᠢ ᠪᠠᠢᠳᠠᠯ ᠤᠨ ᠶᠡᠷᠦᠩᠬᠡᠢ ᠭᠠᠵᠠᠷ ᠤᠨ ᠲᠥᠯᠥᠭᠡᠯᠡᠭᠴᠢᠳ ᠣᠷᠣᠯᠴᠠᠯ᠎ᠠ᠃
ᠡᠨᠡ ᠰᠠᠷ᠎ᠠ ᠶᠢᠨ 21-25 ᠤ ᠡᠳᠦᠷ ᠦᠳ ᠲᠦ ᠵᠣᠬᠢᠶᠠᠨ ᠪᠠᠶᠢᠭᠤᠯᠤᠭᠰᠠᠨ ᠳᠠᠳᠤᠯᠭ᠎ᠠ ᠰᠤᠷᠭᠠᠭᠤᠯᠢ ᠳᠤ 30 ᠭᠠᠷᠤᠢ ᠣᠷᠣᠨ ᠤ ᠲᠥᠯᠥᠭᠡᠯᠡᠭᠴᠢ ᠣᠷᠣᠯᠴᠠᠵᠤ᠂ ᠲᠤᠰ ᠤᠯᠤᠰ ᠤᠨ ᠺᠸᠢᠰᠯᠠᠨᠳ᠋ ᠮᠤᠵᠢ ᠶᠢᠨ ᠨᠤᠲᠤᠭ ᠳᠡᠪᠢᠰᠬᠡᠷ ᠲᠦ ᠬᠦᠴᠦᠲᠡᠢ ᠭᠠᠵᠠᠷ ᠬᠥᠳᠡᠯᠦᠯᠲᠡ ᠪᠣᠯᠤᠭᠰᠠᠨ ᠤ ᠤᠯᠠᠮ ᠠᠴᠠ ᠣᠯᠠᠨ ᠬᠦᠮᠦᠨ ᠦ ᠠᠮᠢ ᠨᠠᠰᠤ ᠡᠷᠡᠰᠳᠡᠵᠦ᠂ ᠪᠠᠷᠢᠯᠭ᠎ᠠ ᠨᠤᠭᠤᠳ ᠨᠤᠷᠠᠭᠰᠠᠨ ᠴᠠᠭ ᠤᠨ ᠪᠠᠶᠢᠳᠠᠯ ᠢᠶᠠᠷ ᠳᠠᠳᠤᠯᠭ᠎ᠠ ᠰᠤᠷᠭᠠᠭᠤᠯᠢ ᠬᠢᠭᠰᠡᠨ ᠶᠤᠮ᠃ ᠮᠥᠨ ᠲᠤᠰ ᠤᠯᠤᠰ ᠤᠨ ᠣᠨᠴᠠᠭᠠᠢ ᠪᠠᠶᠢᠳᠠᠯ ᠤᠨ ᠶᠡᠷᠦᠩᠬᠡᠢ ᠭᠠᠵᠠᠷ᠂ ᠭᠠᠯ ᠲᠦᠢᠮᠡᠷ ᠲᠡᠢ ᠲᠡᠮᠡᠴᠡᠬᠦ᠂ ᠠᠪᠤᠷᠠᠬᠤ ᠠᠯᠪᠠ ᠪᠣᠯᠤᠨ ᠣᠯᠠᠨ ᠤᠯᠤᠰ ᠤᠨ ᠬᠣᠲᠠ ᠶᠢᠨ ᠡᠷᠢᠨ ᠬᠠᠶᠢᠬᠤ᠂ ᠠᠪᠤᠷᠠᠬᠤ ᠪᠠᠭ ᠤᠳ ᠲᠠᠢ ᠬᠠᠮᠲᠤᠷᠠᠨ ᠬᠦᠮᠦᠯᠢᠭ ᠦᠨ ᠲᠤᠰᠠᠯᠠᠮᠵᠢ ᠪᠣᠯᠤᠨ ᠪᠠᠢᠭᠠᠯᠢ ᠶᠢᠨ ᠭᠠᠮᠰᠢᠭ ᠤᠨ ᠦᠶ᠎ᠡ ᠳᠦ ᠬᠠᠷᠢᠭᠤ ᠠᠷᠭ᠎ᠠ ᠬᠡᠮᠵᠢᠶ᠎ᠡ ᠠᠪᠬᠤ ᠳᠠᠳᠤᠯᠭ᠎ᠠ ᠬᠢᠵᠦ᠂ ᠬᠠᠷᠢᠯᠴᠠᠨ ᠲᠤᠷᠰᠢᠯᠭ᠎ᠠ ᠰᠤᠳᠤᠯᠤᠯ᠎ᠠ᠃