ᠨᠡᠶᠢᠰᠯᠡᠯ  ᠳᠦ ᠨᠢᠭᠡᠳᠦᠭᠡᠷ ᠠᠩᠭᠢ ᠳᠤ 35.8 ᠮᠢᠩᠭᠠᠨ ᠰᠤᠷᠤᠭᠴᠢ ᠡᠯᠰᠡᠨ᠎ᠡ | News.MN

ᠨᠡᠶᠢᠰᠯᠡᠯ  ᠳᠦ ᠨᠢᠭᠡᠳᠦᠭᠡᠷ ᠠᠩᠭᠢ ᠳᠤ 35.8 ᠮᠢᠩᠭᠠᠨ ᠰᠤᠷᠤᠭᠴᠢ ᠡᠯᠰᠡᠨ᠎ᠡ

ᠨᠡᠶᠢᠰᠯᠡᠯ ᠳᠦ 2023-2024 ᠣᠨ ᠤ ᠬᠢᠴᠢᠶᠡᠯ ᠦᠨ ᠵᠢᠯ ᠳᠦ ᠲᠥᠷᠥ᠂ ᠬᠤᠪᠢ ᠶᠢᠨ ᠬᠡᠪᠰᠢᠯ ᠦᠨ 667 ᠴᠡᠴᠡᠷᠯᠢᠭ ᠲᠦ 129 946 ᠬᠡᠦᠬᠡᠳ ᠰᠤᠷᠤᠯᠴᠠᠬᠤ ᠲᠥᠯᠥᠪ ᠲᠡᠢ ᠪᠠᠶᠢᠨ᠎ᠠ᠃ ᠬᠠᠷᠢᠨ ᠶᠡᠷᠦᠩᠬᠡᠢ ᠪᠣᠯᠪᠠᠰᠤᠷᠠᠯ ᠤᠨ 307 ᠰᠤᠷᠭᠠᠭᠤᠯᠢ ᠳᠤ ᠨᠡᠶᠢᠲᠡ 384 676 ᠰᠤᠷᠤᠭᠴᠢ ᠰᠤᠷᠤᠯᠴᠠᠬᠤ ᠠᠴᠠ 35866 ᠨᠢ ᠨᠢᠭᠡᠳᠦᠭᠡᠷ ᠠᠩᠭᠢ ᠳᠤ ᠡᠯᠰᠡᠬᠦ ᠶᠤᠮ᠃
ᠨᠡᠶᠢᠰᠯᠡᠯ ᠦᠨ ᠴᠡᠴᠡᠷᠯᠢᠭ ᠦᠨ ᠡᠯᠰᠡᠯᠲᠡ ᠶᠢᠨ ᠴᠠᠬᠢᠮ ᠪᠦᠷᠢᠳᠬᠡᠯ ᠢ ᠬᠣᠶᠠᠷ ᠦᠶ᠎ᠡ ᠱᠠᠲᠤ ᠲᠠᠢ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃ ᠡᠬᠢᠨ ᠦ ᠱᠠᠲᠤᠨ ᠤ ᠪᠦᠷᠢᠳᠬᠡᠯ ᠢᠶᠡᠷ ᠰᠤᠷᠭᠠᠭᠤᠯᠢ ᠶᠢᠨ ᠡᠮᠦᠨᠡᠬᠢ ᠪᠣᠯᠪᠠᠰᠤᠷᠠᠯ ᠳᠤ ᠬᠠᠮᠤᠷᠤᠭᠳᠠᠪᠠᠯ ᠵᠣᠬᠢᠬᠤ 142798 ᠬᠡᠦᠬᠡᠳ ᠡᠴᠡ 104762 ᠬᠡᠦᠬᠡᠳ ᠪᠤᠶᠤ 73.3 ᠬᠤᠪᠢ ᠨᠢ ᠬᠦᠰᠡᠯᠲᠡ ᠭᠠᠷᠭᠠᠭᠠᠳ ᠪᠠᠶᠢᠨ᠎ᠠ᠃ ᠣᠳᠣ ᠪᠠᠷ ᠴᠡᠴᠡᠷᠯᠢᠭ ᠦᠨ ᠬᠤᠪᠢᠶᠠᠷᠢᠯᠠᠯᠲᠠ ᠬᠢᠭᠡᠳ ᠪᠠᠶᠢᠭ᠎ᠠ ᠪᠥᠭᠡᠳ ᠬᠣᠶᠠᠳᠤᠭᠠᠷ ᠱᠠᠲᠤᠨ ᠤ ᠪᠦᠷᠢᠳᠬᠡᠯ ᠶᠢᠰᠦᠳᠦᠭᠡᠷ ᠰᠠᠷ᠎ᠠ ᠶᠢᠨ 11-22  ᠳᠦ ᠪᠣᠯᠬᠤ ᠲᠥᠯᠥᠪ ᠲᠡᠢ ᠪᠠᠶᠢᠭ᠎ᠠ ᠶᠤᠮ᠃
ᠣᠨ ᠭᠠᠷᠤᠭᠰᠠᠨ ᠠᠴᠠ ᠬᠣᠶᠢᠰᠢ ᠨᠡᠶᠢᠰᠯᠡᠯ ᠳᠦ ᠲᠠᠪᠤᠨ ᠰᠤᠷᠭᠠᠭᠤᠯᠢ᠂ ᠪᠠᠭ᠎ᠠ ᠰᠤᠷᠭᠠᠭᠤᠯᠢ᠂ ᠴᠡᠴᠡᠷᠯᠢᠭ ᠦᠨ ᠬᠣᠶᠠᠷ ᠴᠣᠭᠴᠠᠯᠠᠪᠤᠷᠢ᠂ 14 ᠴᠡᠴᠡᠷᠯᠢᠭ ᠦᠨ ᠪᠠᠷᠢᠯᠭ᠎ᠠ ᠠᠰᠢᠭᠯᠠᠯᠲᠠ ᠳᠤ ᠣᠷᠣᠭᠤᠯᠤᠭᠠᠳ ᠪᠠᠶᠢᠨ᠎ᠠ᠃ ᠢᠩᠭᠢᠭᠰᠡᠨ ᠢᠶᠡᠷ ᠰᠤᠷᠭᠠᠭᠤᠯᠢ᠂ ᠴᠡᠴᠡᠷᠯᠢᠭ ᠦᠨ ᠬᠦᠷᠲᠡᠭᠡᠮᠵᠢ ᠥᠩᠭᠡᠷᠡᠭᠰᠡᠨ ᠣᠨ  ᠠᠴᠠ 2910 ᠣᠷᠣ᠂ 4080 ᠰᠠᠭᠤᠳᠠᠯ ᠢᠶᠠᠷ ᠨᠡᠮᠡᠭᠳᠡᠭᠡᠳ ᠪᠠᠶᠢᠨ᠎ᠠ᠃ ᠮᠥᠨ ᠨᠡᠶᠢᠰᠯᠡᠯ ᠳᠦ 83 ᠪᠠᠷᠢᠯᠭ᠎ᠠ ᠶᠢ ᠴᠡᠴᠡᠷᠯᠢᠭ ᠦᠨ ᠵᠣᠷᠢᠭᠤᠯᠤᠯᠲᠠ ᠪᠠᠷ ᠲᠦᠷᠢᠶᠡᠰᠦᠯᠡᠨ᠂ 9240 ᠣᠷᠣ ᠪᠠᠷ ᠨᠡᠮᠡᠵᠡᠢ᠃ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠬᠤᠪᠢ ᠳᠤ 22 ᠪᠠᠷᠢᠯᠭ᠎ᠠ ᠶᠢ ᠲᠦᠷᠢᠶᠡᠰᠦᠯᠡᠵᠦ᠂ 13815 ᠰᠠᠭᠤᠳᠠᠯ ᠨᠡᠮᠡᠭᠰᠡᠨ ᠢᠶᠡᠷ ᠭᠤᠷᠪᠠᠨ ᠡᠭᠡᠯᠵᠢ ᠶᠢ ᠬᠣᠶᠠᠷ ᠡᠭᠡᠯᠵᠢ ᠳᠦ ᠰᠢᠯᠵᠢᠭᠦᠯᠦᠭᠡᠳ ᠪᠠᠶᠢᠨ᠎ᠠ᠃ 《ᠰᠤᠷᠭᠠᠭᠤᠯᠢ ᠶᠢᠨ ᠠᠦ᠋ᠲ᠋ᠣᠪᠦ᠋ᠰ》ᠲᠥᠰᠥᠯ ᠦᠨ ᠬᠦᠷᠢᠶᠡᠨ ᠳᠦ 288 ᠠᠦ᠋ᠲ᠋ᠣᠪᠦ᠋ᠰ ᠦᠢᠯᠡᠴᠢᠯᠡᠭᠡ ᠳᠦ ᠶᠠᠪᠤᠬᠤ ᠶᠤᠮ᠃

ᠰᠡᠳᠬᠢᠭᠳᠡᠯ ᠦᠯᠡᠳᠡᠭᠡᠬᠦ