ᠵᠠᠰᠠᠭ ᠤᠨ ᠭᠠᠵᠠᠷ ᠤᠨ ᠥᠴᠦᠭᠡᠳᠦᠷ ᠦᠨ ᠬᠤᠷᠠᠯᠳᠤᠭᠠᠨ ᠢᠶᠠᠷ ᠮᠣᠩᠭᠣᠯ᠂ ᠬᠢᠲᠠᠳ ᠤᠨ《ᠭᠠᠰᠢᠭᠤᠨᠰᠤᠬᠠᠢᠲᠤ- ᠭᠠᠭᠴᠠᠮᠤᠳᠤ》ᠬᠢᠯᠢ ᠳᠠᠮᠨᠠᠭᠰᠠᠨ ᠲᠡᠮᠦᠷ ᠵᠠᠮ ᠤᠨ ᠰᠠᠭᠤᠷᠢ ᠪᠦᠲᠦᠴᠡ ᠪᠠᠷᠢᠬᠤ ᠲᠤᠰᠬᠠᠢ ᠵᠥᠪᠰᠢᠶᠡᠷᠡᠯ ᠢ《ᠲᠠᠪᠤᠨᠲᠣᠯᠣᠭᠠᠢ ᠲᠡᠮᠦᠷ ᠵᠠᠮ》ᠺᠤᠮᠫᠠᠨᠢ ᠳᠦ ᠲᠠᠪᠤᠨ ᠵᠢᠯ ᠦᠨ ᠬᠤᠭᠤᠴᠠᠭ᠎ᠠ ᠲᠠᠢ ᠣᠯᠭᠤᠯ᠎ᠠ᠃ ᠲᠤᠰ ᠺᠣᠮᠫᠠᠨᠢ ᠶᠢᠨ ᠭᠦᠢᠴᠡᠳᠭᠡᠬᠦ ᠵᠠᠬᠢᠷᠤᠯ ᠢᠶᠠᠷ ᠨ ∙ ᠤᠳᠠᠭᠠᠨᠵᠢᠷᠭᠠᠯ ᠠᠵᠢᠯᠯᠠᠵᠤ ᠪᠠᠶᠢᠭᠰᠠᠨ ᠴᠤ ᠬᠢᠯᠢ ᠭᠠᠷᠤᠨ ᠵᠢᠭᠤᠲᠠᠭᠰᠠᠨ ᠶᠤᠮ᠃ ᠲᠡᠷᠡᠪᠡᠷ᠂ ᠨᠠᠷᠢᠨ ᠴᠠᠷᠢᠭ ᠲᠠᠢ ᠲᠡᠮᠦᠷ ᠵᠠᠮ ᠪᠠᠷᠢᠬᠤ ᠪᠣᠳᠣᠯᠭ᠎ᠠ ᠶᠢ ᠦᠨᠳᠦᠰᠦᠨ ᠬᠠᠤᠯᠢ ᠶᠢᠨ ᠴᠡᠴᠡ ᠳᠦ ᠥᠭᠴᠦ᠂ ᠬᠦᠴᠦᠨ ᠦᠭᠡᠢ ᠪᠤᠯᠭᠠᠭᠤᠯᠤᠭᠠᠳ 《ᠭᠠᠰᠢᠭᠤᠨᠰᠤᠬᠠᠢᠲᠤ- ᠭᠠᠭᠴᠠᠮᠤᠳᠤ》 ᠶᠢᠨ ᠲᠡᠮᠦᠷ ᠵᠠᠮ ᠢ ᠥᠷᠭᠡᠨ ᠴᠠᠷᠢᠭ ᠢᠶᠠᠷ ᠪᠠᠷᠢᠭᠤᠯᠤᠭᠰᠠᠨ ᠶᠤᠮ᠃
02.11 ᠦ ᠡᠳᠦᠷ ᠮᠣᠩᠭᠣᠯ᠂ ᠬᠢᠲᠠᠳ ᠤᠨ ᠲᠠᠯ᠎ᠠ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠬᠤ ᠦᠢᠯᠡ ᠠᠵᠢᠯᠯᠠᠭᠠᠨ ᠤ ᠦᠶ᠎ᠡ ᠪᠡᠷ ᠵᠠᠰᠠᠭ ᠤᠨ ᠭᠠᠵᠠᠷ ᠤᠨ ᠣᠨᠴᠠᠭᠠᠢ ᠪᠦᠷᠢᠨ ᠡᠷᠬᠡᠲᠦ ᠲᠥᠯᠥᠭᠡᠯᠡᠭᠴᠢ ᠨ ∙ ᠮᠢᠭᠮᠠᠷ᠄ ᠤᠭ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠢᠭᠤᠯᠤᠭᠳᠠᠭᠰᠠᠨ ᠢᠶᠠᠷ ᠮᠣᠩᠭᠣᠯ ᠤᠯᠤᠰ ᠤᠨ ᠰᠠᠩ ᠤᠨ ᠶᠠᠮᠤᠨ᠂ ᠵᠠᠮ᠂ ᠲᠡᠭᠡᠭᠡᠪᠦᠷᠢ ᠶᠢᠨ ᠬᠥᠭᠵᠢᠯ ᠦᠨ ᠶᠠᠮᠤᠨ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠨᠳᠦᠰᠦᠨ ᠦ ᠬᠥᠭᠵᠢᠯ᠂ ᠰᠢᠨᠡᠳᠬᠡᠯ ᠦᠨ ᠬᠣᠷᠢᠶ᠎ᠠ ᠬᠣᠭᠣᠷᠣᠨᠳᠣ ᠪᠠᠶᠢᠭᠤᠯᠤᠭᠰᠠᠨ ᠭᠠᠰᠢᠭᠤᠨᠰᠤᠬᠠᠢᠲᠤ᠂ ᠭᠠᠭᠴᠠᠮᠤᠳᠤ ᠪᠣᠭᠣᠮᠲᠠ ᠶᠢᠨ ᠬᠢᠯᠢ ᠳᠠᠮᠨᠠᠭᠰᠠᠨ ᠲᠡᠮᠦᠷ ᠵᠠᠮ ᠤᠨ ᠬᠣᠯᠪᠣᠯᠲᠠ ᠶᠢᠨ ᠲᠤᠬᠠᠢ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ᠂ 《ᠮᠣᠩᠭᠣᠯ᠂ ᠬᠢᠲᠠᠳ ᠤᠨ ᠭᠠᠰᠢᠭᠤᠨᠰᠤᠬᠠᠢᠲᠤ- ᠭᠠᠭᠴᠠᠮᠤᠳᠤ ᠪᠣᠭᠣᠮᠲᠠ ᠶᠢᠨ ᠬᠢᠯᠢ ᠳᠠᠮᠨᠠᠭᠰᠠᠨ ᠲᠡᠮᠦᠷ ᠵᠠᠮ ᠪᠣᠯᠤᠨ ᠨᠡᠭᠦᠷᠡᠰᠦ ᠬᠤᠳᠠᠯᠳᠤᠬᠤ᠂ ᠬᠤᠳᠠᠯᠳᠤᠨ ᠠᠪᠬᠤ ᠲᠠᠯ᠎ᠠ ᠪᠠᠷ ᠬᠠᠮᠲᠤᠷᠠᠨ ᠠᠵᠢᠯᠯᠠᠬᠤ ᠶᠡᠷᠦᠩᠬᠡᠢ ᠬᠡᠯᠡᠯᠴᠡᠭᠡᠷ》 ᠦᠨ ᠬᠣᠯᠪᠣᠭᠳᠠᠬᠤ ᠱᠠᠭᠠᠷᠳᠠᠯᠭ᠎ᠠ ᠨᠤᠭᠤᠳ ᠢ ᠬᠡᠷᠡᠭᠵᠢᠭᠦᠯᠬᠦ ᠪᠦᠷᠢᠨ ᠪᠣᠯᠤᠮᠵᠢ ᠪᠥᠷᠢᠳᠴᠦ ᠪᠠᠶᠢᠨ᠎ᠠ ᠭᠡᠵᠦ ᠮᠡᠳᠡᠭᠳᠡᠵᠦ ᠪᠠᠶᠢᠭᠰᠠᠨ ᠶᠤᠮ᠃