ᠳᠠᠭᠠᠳᠬᠠᠯ ᠤᠨ ᠺᠣᠮᠫᠠᠨᠢ ᠨᠤᠭᠤᠳ ᠤᠨ ᠬᠥᠷᠥᠩᠭᠡ ᠶᠢᠨ ᠬᠡᠮᠵᠢᠶ᠎ᠡ 518.3 ᠲᠡᠷᠪᠤᠮ ᠪᠤᠯᠵᠠᠢ | News.MN

ᠳᠠᠭᠠᠳᠬᠠᠯ ᠤᠨ ᠺᠣᠮᠫᠠᠨᠢ ᠨᠤᠭᠤᠳ ᠤᠨ ᠬᠥᠷᠥᠩᠭᠡ ᠶᠢᠨ ᠬᠡᠮᠵᠢᠶ᠎ᠡ 518.3 ᠲᠡᠷᠪᠤᠮ ᠪᠤᠯᠵᠠᠢ

ᠡᠨᠡ ᠣᠨ ᠤ ᠬᠠᠭᠠᠰ ᠵᠢᠯ ᠦᠨ ᠪᠠᠶᠢᠳᠠᠯ ᠢᠶᠠᠷ ᠳᠠᠭᠠᠳᠬᠠᠯ ᠤᠨ ᠺᠣᠮᠫᠠᠨᠢ ᠨᠤᠭᠤᠳ ᠤᠨ ᠨᠡᠶᠢᠲᠡ ᠬᠥᠷᠦᠩᠭᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 20.2 ᠬᠤᠪᠢ ᠪᠠᠷ ᠥᠰᠴᠦ᠂ 518.3 ᠲᠡᠷᠪᠤᠮ ᠲᠥᠭᠦᠷᠢᠭ ᠲᠦ ᠬᠦᠷᠴᠡᠢ᠃ ᠤᠭ ᠦᠵᠡᠭᠦᠯᠦᠯᠲᠡ ᠶᠢ 2019 ᠣᠨ ᠤ ᠮᠥᠨ ᠦᠶ᠎ᠡ ᠲᠡᠢ ᠬᠠᠷᠢᠴᠠᠭᠤᠯᠪᠠᠯ 46.1 ᠬᠤᠪᠢ ᠪᠠᠷ ᠥᠰᠦᠭᠰᠡᠨ ᠪᠠᠶᠢᠨ᠎ᠠ᠃ ᠮᠥᠨ ᠶᠡᠷᠦᠳᠡ ᠶᠢᠨ ᠳᠠᠭᠠᠳᠬᠠᠯ ᠤᠨ ᠺᠣᠮᠫᠠᠨᠢ ᠨᠤᠭᠤᠳ ᠤᠨ ᠨᠡᠶᠢᠲᠡ ᠬᠥᠷᠦᠩᠭᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 20.6 ᠬᠤᠪᠢ ᠪᠠᠷ ᠥᠰᠴᠦ᠂ 433.2 ᠲᠡᠷᠪᠤᠮ ᠲᠥᠭᠦᠷᠢᠭ ᠲᠦ ᠬᠦᠷᠴᠦ᠂ ᠰᠠᠯᠪᠤᠷᠢ ᠶᠢᠨ ᠨᠡᠶᠢᠲᠡ ᠬᠥᠷᠦᠩᠭᠡ ᠶᠢᠨ 83.6 ᠬᠤᠪᠢ ᠶᠢ ᠡᠵᠡᠯᠡᠵᠦ ᠪᠠᠶᠢᠨ᠎ᠠ᠃
ᠬᠠᠷᠢᠨ ᠳᠠᠪᠬᠤᠷ ᠳᠠᠭᠠᠳᠬᠠᠯ ᠤᠨ ᠺᠣᠮᠫᠠᠨᠢ ᠨᠤᠭᠤᠳ ᠤᠨ ᠨᠡᠶᠢᠲᠡ ᠬᠥᠷᠦᠩᠭᠡ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 10.5 ᠬᠤᠪᠢ ᠪᠠᠷ ᠥᠰᠴᠦ᠂ 68.5 ᠲᠡᠷᠪᠤᠮ ᠲᠥᠭᠦᠷᠢᠭ ᠲᠦ ᠬᠦᠷᠦᠭᠰᠡᠨ ᠨᠢ ᠰᠠᠯᠪᠤᠷᠢ ᠶᠢᠨ ᠨᠡᠶᠢᠲᠡ ᠬᠥᠷᠦᠩᠭᠡ ᠶᠢᠨ 13.2 ᠬᠤᠪᠢ ᠶᠢ ᠡᠵᠡᠯᠡᠵᠡᠢ᠃ ᠤᠷᠲᠤ ᠬᠤᠭᠤᠴᠠᠭᠠᠨ ᠤ ᠳᠠᠭᠠᠳᠬᠠᠯ ᠤᠨ ᠺᠣᠮᠫᠠᠨᠢ ᠶᠢᠨ ᠨᠡᠶᠢᠲᠡ ᠬᠥᠷᠦᠩᠭᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 64.5 ᠬᠤᠪᠢ ᠪᠠᠷ ᠥᠰᠴᠦ᠂ 16.6 ᠲᠡᠷᠪᠤᠮ ᠲᠥᠭᠦᠷᠢᠭ ᠲᠦ ᠬᠦᠷᠴᠦ᠂ ᠰᠠᠯᠪᠤᠷᠢ ᠶᠢᠨ 3.2 ᠬᠤᠪᠢ ᠶᠢ ᠡᠵᠡᠯᠡᠵᠦ ᠪᠠᠶᠢᠨ᠎ᠠ᠃

ᠰᠡᠳᠬᠢᠭᠳᠡᠯ ᠦᠯᠡᠳᠡᠭᠡᠬᠦ