《IESF World Esports Championships》ᠠᠷᠪᠠᠨ ᠲᠠᠪᠤᠳᠠᠬᠢ ᠤᠳᠠᠭ᠎ᠠ ᠶᠢᠨ ᠲᠡᠮᠡᠴᠡᠭᠡᠨ ᠳᠦ ᠮᠣᠩᠭᠣᠯ ᠤᠯᠤᠰ ᠢᠶᠠᠨ ᠲᠥᠯᠥᠭᠡᠯᠡᠨ ᠣᠷᠣᠯᠴᠠᠭᠰᠠᠨ 《IHC E-Sports》 ᠪᠠᠭ《DOTA2》ᠲᠥᠷᠥᠯ ᠳᠦ ᠲᠦᠷᠦᠭᠦᠯᠡᠵᠡᠢ᠃ ᠲᠢᠪ ᠪᠦᠷᠢ ᠡᠴᠡ ᠰᠢᠯᠭᠠᠷᠠᠭᠰᠠᠨ ᠰᠢᠯᠢᠳᠡᠭ 16 ᠪᠠᠭ ᠠᠴᠠ ᠡᠢᠨ ᠬᠦ ᠲᠡᠳᠡ ᠲᠡᠷᠢᠭᠦᠯᠡᠵᠦ᠂ 50 ᠮᠢᠩᠭᠠᠨ ᠳ᠋ᠣᠯᠯᠠᠷ ᠤᠨ ᠡᠵᠡᠳ ᠪᠣᠯᠤᠯ᠎ᠠ᠃
《IESF》 ᠦᠨ 2023 ᠣᠨ ᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠤ ᠨᠠᠢ᠌ᠮᠠᠳᠤᠭᠠᠷ ᠰᠠᠷ᠎ᠠ ᠶᠢᠨ 26 ᠠᠴᠠ ᠶᠢᠰᠦᠳᠦᠭᠡᠷ ᠰᠠᠷ᠎ᠠ ᠶᠢᠨ ᠭᠤᠷᠪᠠᠨ ᠤ ᠬᠣᠭᠣᠷᠣᠨᠳᠣ 16 ᠣᠷᠣᠨ ᠤ ᠪᠠᠭ ᠲᠠᠮᠢᠷᠴᠢᠳ ᠣᠷᠣᠯᠴᠠᠭᠰᠠᠨ ᠶᠤᠮ᠃