ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠡᠨᠡ ᠣᠨ ᠤ ᠭᠤᠷᠪᠠᠳᠤᠭᠠᠷ ᠰᠠᠷ᠎ᠠ ᠶᠢᠨ ᠨᠠᠢ᠌ᠮᠠᠨ ᠳᠦ ᠪᠦᠭᠦᠳᠡ ᠨᠠᠶᠢᠷᠠᠮᠳᠠᠬᠤ ᠦᠽᠪᠧᠺᠰᠲ᠋ᠠᠨ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ᠂ ᠦᠽᠪᠧᠺᠰᠲ᠋ᠠᠨ ᠤ ᠭᠠᠳᠠᠭᠠᠳᠤ ᠬᠡᠷᠡᠭ ᠦᠨ ᠰᠠᠶᠢᠳ ᠪ ∙ ᠰᠠᠢᠳᠤᠪ ᠲᠠᠢ ᠠᠭᠤᠯᠵᠠᠬᠤ ᠳᠤ ᠪᠠᠨ ᠮᠣᠩᠭᠣᠯ ᠤᠯᠤᠰ ᠠᠴᠠ ᠪᠦᠭᠦᠳᠡ ᠨᠠᠶᠢᠷᠠᠮᠳᠠᠬᠤ ᠦᠽᠪᠧᠺᠰᠲ᠋ᠠᠨ ᠤᠯᠤᠰ ᠲᠤ ᠰᠠᠭᠤᠬᠤ ᠳ᠋ᠢᠫᠯᠣᠮᠠᠲ ᠲᠥᠯᠥᠭᠡᠯᠡᠭᠴᠢ ᠶᠢᠨ ᠭᠠᠵᠠᠷ ᠢ ᠲᠠᠱᠺᠧᠨᠲ ᠬᠤᠲᠠᠨ᠎ᠠ ᠡᠨᠡ ᠣᠨ ᠳᠤ ᠪᠠᠭᠲᠠᠭᠠᠨ ᠪᠠᠶᠢᠭᠤᠯᠬᠤ᠂ ᠡᠯᠴᠢᠨ ᠰᠠᠶᠢᠳ ᠤᠨ ᠶᠠᠮᠤᠨ ᠨᠡᠭᠡᠭᠡᠬᠦ ᠲᠣᠳᠣᠷᠬᠠᠢ ᠨᠥᠬᠥᠴᠡᠯ ᠦᠨ ᠲᠠᠯ᠎ᠠ ᠪᠠᠷ ᠳᠡᠯᠭᠡᠷᠡᠩᠭᠦᠢ ᠶᠠᠷᠢᠯᠴᠠᠭᠰᠠᠨ᠃
ᠲᠡᠭᠡᠪᠡᠯ ᠤᠭ ᠠᠰᠠᠭᠤᠳᠠᠯ ᠢ ᠥᠨᠥᠳᠥᠷ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠬᠡᠯᠡᠯᠴᠡᠭᠡᠳ ᠤᠯᠤᠰ ᠤᠨ ᠶᠡᠬᠡ ᠬᠤᠷᠠᠯ ᠤᠨ ᠬᠣᠯᠪᠣᠭᠳᠠᠬᠤ ᠪᠠᠶᠢᠩᠭᠤ ᠶᠢᠨ ᠬᠣᠷᠢᠶ᠎ᠠ ᠲᠠᠢ ᠵᠥᠪᠰᠢᠯᠴᠡᠬᠦ ᠪᠡᠷ ᠲᠣᠭᠲᠠᠭᠰᠠᠨ ᠪᠠᠶᠢᠨ᠎ᠠ᠃ ᠮᠠᠨ ᠤ ᠤᠯᠤᠰ ᠦᠽᠪᠧᠺᠰᠲ᠋ᠠᠨ ᠤᠯᠤᠰ ᠲᠠᠢ 2022 ᠣᠨ ᠤ ᠵᠢᠷᠭᠤᠳᠤᠭᠠᠷ ᠰᠠᠷ᠎ᠠ ᠠᠴᠠ ᠬᠠᠷᠢᠯᠴᠠᠨ ᠸᠢᠽ ᠦᠭᠡᠢ ᠵᠣᠷᠴᠢᠳᠠᠭ ᠪᠣᠯᠵᠠᠢ᠃