ᠮᠠᠨ ᠤ ᠤᠯᠤᠰ ᠲᠤ 400 ᠮᠢᠩᠭ᠎ᠠ ᠭᠠᠷᠤᠢ ᠵᠢᠭᠤᠯᠴᠢᠨ ᠢᠷᠡᠵᠡᠢ | News.MN

ᠮᠠᠨ ᠤ ᠤᠯᠤᠰ ᠲᠤ 400 ᠮᠢᠩᠭ᠎ᠠ ᠭᠠᠷᠤᠢ ᠵᠢᠭᠤᠯᠴᠢᠨ ᠢᠷᠡᠵᠡᠢ

ᠨᠠᠢ᠌ᠮᠠᠳᠤᠭᠠᠷ ᠰᠠᠷ᠎ᠠ ᠶᠢᠨ ᠬᠤᠷᠢ ᠶᠢᠰᠦᠨ ᠦ ᠡᠳᠦᠷ ᠦᠨ ᠪᠠᠶᠢᠳᠠᠯ ᠢᠶᠠᠷ 431130 ᠵᠢᠭᠤᠯᠴᠢᠨ ᠮᠠᠨ ᠤ ᠣᠷᠣᠨ ᠳᠤ ᠢᠷᠡᠵᠦ᠂ ᠳᠤᠮᠳᠠᠴᠢ ᠪᠠᠷ 650 ᠰᠠᠶ᠎ᠠ ᠣᠷᠴᠢᠮ ᠳ᠋ᠣᠯᠯᠠᠷ ᠤᠨ ᠣᠷᠣᠯᠭ᠎ᠠ ᠶᠢ ᠳᠣᠲᠣᠭᠠᠳᠤ ᠶᠢᠨ ᠡᠳ᠋ ᠦᠨ ᠵᠠᠰᠠᠭ ᠲᠤ ᠣᠷᠣᠭᠤᠯᠤᠭᠠᠳ ᠪᠠᠶᠢᠨ᠎ᠠ᠃
ᠵᠢᠭᠤᠯᠴᠢᠳ ᠤᠨ ᠤᠷᠤᠰᠬᠠᠯ ᠢ ᠨᠡᠮᠡᠬᠦ᠂ ᠮᠣᠩᠭᠣᠯ ᠣᠷᠣᠨ ᠢ ᠰᠤᠷᠲᠠᠯᠴᠢᠯᠠᠬᠤ ᠪᠠᠷ ᠡᠨᠡ ᠣᠨ ᠤ 2᠂ 4᠂ 6 ᠳ᠋ᠤᠭᠠᠷ ᠰᠠᠷ᠎ᠠ ᠳᠤ ᠰᠢᠭᠤᠳ ᠨᠢᠰᠦᠯᠭᠡ ᠲᠡᠢ ᠶᠠᠫᠣᠨ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ  ᠲᠤ《Welcome to Mongolia》ᠦᠢᠯᠡ ᠠᠵᠢᠯᠯᠠᠭ᠎ᠠ ᠶᠢ ᠠᠮᠵᠢᠯᠲᠠᠲᠠᠢ ᠵᠣᠬᠢᠶᠠᠨ ᠪᠠᠶᠢᠭᠤᠯᠤᠭᠰᠠᠨ᠃ ᠮᠥᠨ ᠤᠯᠤᠰ ᠤᠨ ᠬᠡᠮᠵᠢᠶᠡᠨ ᠳᠦ 69 ᠦᠢᠯᠡ ᠠᠵᠢᠯᠯᠠᠭ᠎ᠠ ᠵᠣᠬᠢᠶᠠᠨ ᠪᠠᠶᠢᠭᠤᠯᠬᠤ ᠪᠠᠷ ᠲᠥᠯᠥᠪᠯᠡᠭᠰᠡᠨ ᠡᠴᠡ ᠡᠬᠢᠨ ᠦ ᠭᠤᠷᠪᠠᠨ ᠤᠯᠠᠷᠢᠯ ᠳᠤ ᠪᠣᠯᠬᠤ ᠦᠢᠯᠡ ᠶᠠᠪᠤᠳᠠᠯ ᠢ ᠠᠮᠵᠢᠯᠲᠠᠲᠠᠢ ᠵᠣᠬᠢᠶᠠᠨ ᠪᠠᠶᠢᠭᠤᠯᠵᠤ ᠳᠠᠭᠤᠰᠤᠭᠰᠠᠨ᠃ ᠠᠴᠢ ᠬᠣᠯᠪᠣᠭᠳᠠᠯ ᠢᠶᠠᠷ ᠢᠶᠠᠨ ᠴᠢᠬᠤᠯᠠ ᠳᠤ ᠲᠣᠭᠠᠴᠠᠭᠳᠠᠬᠤ ᠲᠣᠮᠣᠬᠠᠨ ᠦᠢᠯᠡ ᠠᠵᠢᠯᠯᠠᠭᠠᠨ ᠤ ᠨᠢᠭᠡ ᠨᠢ ᠮᠣᠩᠭᠣᠯ ᠤᠨ ᠡᠳ᠋ ᠦᠨ ᠵᠠᠰᠠᠭ ᠤᠨ ᠹᠣᠷᠣᠮ᠂ Nas Summit ᠭᠡᠳᠡᠭ ᠢ ᠪᠠᠢᠭᠠᠯᠢ ᠤᠷᠴᠢᠨ ᠤ ᠰᠠᠢᠳ ᠣᠨᠴᠠᠯᠠᠪᠠ᠃

ᠰᠡᠳᠬᠢᠭᠳᠡᠯ ᠦᠯᠡᠳᠡᠭᠡᠬᠦ