ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ᠂ ᠲᠥᠷᠥ ᠶᠢᠨ ᠰᠠᠶᠢᠳ ᠡᠷᠬᠢᠮ ᠳᠡᠭᠡᠳᠦ ᠬᠠᠨ ᠬᠦᠦ ᠲᠦᠷᠺᠢ ᠪᠢᠩ ᠮᠤᠬᠠᠮᠮᠠᠳ᠋ ᠪᠢᠩ ᠹᠠᠾᠳ᠋ ᠠᠯᠢ ᠰᠠᠦ᠋ᠳᠢ ᠶᠢ ᠬᠦᠯᠢᠶᠡᠨ ᠠᠪᠴᠤ ᠠᠭᠤᠯᠵᠠᠪᠠ᠃ ᠶᠡᠷᠦᠩᠬᠡᠶᠢᠯᠡᠭᠴᠢ ᠤ᠊∙ᠬᠦᠷᠡᠯᠰᠦ᠋ᠬᠡ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠤᠨ ᠬᠠᠭᠠᠨ᠂ ᠬᠣᠶᠠᠷ ᠠᠷᠢᠭᠤᠨ ᠰᠦᠮ᠎ᠡ ᠶᠢᠨ ᠬᠠᠮᠠᠭᠠᠯᠠᠭᠴᠢ ᠡᠷᠬᠢᠮ ᠳᠡᠭᠡᠳᠦ ᠰᠠᠯᠮᠠᠨ ᠪᠢᠩ ᠠᠪᠳᠤᠯᠠᠽᠢᠽ ᠠᠯᠢ ᠰᠠᠤᠳ᠋ ᠲᠤ ᠮᠡᠨᠳᠦᠴᠢᠯᠡᠭᠡ ᠳᠡᠪᠰᠢᠭᠦᠯᠵᠦ ᠪᠠᠶᠢᠭ᠎ᠠ ᠶᠢ ᠤᠯᠠᠮᠵᠢᠯᠠᠬᠤ ᠶᠢ ᠬᠦᠰᠡᠭᠡᠳ ᠮᠣᠩᠭᠣᠯ ᠤᠯᠤᠰ ᠪᠤᠯᠤᠩ ᠤᠨ ᠣᠷᠣᠨ ᠨᠤᠭᠤᠳ᠂ ᠲᠡᠷᠡ ᠳᠤᠮᠳᠠ ᠪᠠᠨ ᠪᠥᠰᠡ ᠨᠤᠲᠤᠭ ᠲᠤ ᠪᠠᠨ ᠡᠳ᠋ ᠦᠨ ᠵᠠᠰᠠᠭ ᠤᠨ ᠬᠥᠭᠵᠢᠯ᠂ ᠴᠢᠳᠠᠪᠬᠢ ᠪᠠᠷ ᠢᠶᠠᠨ ᠲᠡᠷᠢᠭᠦᠯᠡᠳᠡᠭ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠲᠠᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠪᠠᠶᠢᠭ᠎ᠠ ᠶᠢ ᠬᠡᠯᠡᠪᠡ᠃
ᠬᠠᠨ ᠬᠦᠦ ᠰᠠᠦ᠋ᠳᠢ ᠶᠢᠨ ᠠᠷᠠᠪ ᠤᠨ ᠬᠠᠭᠠᠨᠲᠤ ᠤᠯᠤᠰ ᠤᠨ ᠬᠠᠭᠠᠨ᠂ ᠬᠣᠶᠠᠷ ᠠᠷᠢᠭᠤᠨ ᠰᠦᠮ᠎ᠡ ᠶᠢᠨ ᠬᠠᠮᠠᠭᠠᠯᠠᠭᠴᠢ ᠡᠷᠬᠢᠮ ᠳᠡᠭᠡᠳᠦ ᠰᠠᠯᠮᠠᠨ ᠪᠢᠩ ᠠᠪᠳᠤᠯᠠᠽᠢᠽ ᠠᠯᠢ ᠰᠠᠤᠳ᠋ ᠤᠨ ᠬᠠᠯᠠᠭᠤᠨ ᠳᠣᠲᠣᠨᠣ ᠮᠡᠨᠳᠦᠴᠢᠯᠡᠭᠡ ᠶᠢ ᠤᠯᠠᠮᠵᠢᠯᠠᠪᠠ᠃ ᠲᠡᠷᠡᠪᠡᠷ ᠪᠠᠶᠢᠭᠠᠯᠢ ᠣᠷᠴᠢᠨ ᠪᠣᠯᠤᠨ ᠪᠤᠰᠤᠳ ᠪᠣᠯᠤᠮᠵᠢᠲᠤ ᠪᠦᠬᠦ ᠰᠠᠯᠪᠤᠷᠢ ᠳᠤ ᠬᠠᠷᠢᠯᠴᠠᠨ ᠠᠰᠢᠭ ᠲᠠᠢ ᠬᠠᠮᠲᠤᠷᠠᠬᠤ ᠡᠷᠡᠮᠡᠯᠵᠡᠯ ᠳᠦᠭᠦᠷᠡᠩ ᠪᠠᠶᠢᠭ᠎ᠠ ᠪᠠᠨ ᠲᠡᠮᠳᠡᠭᠯᠡᠵᠦ᠂ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ ᠶᠢᠨ ᠲᠥᠯᠥᠭᠡ ᠢᠳᠡᠪᠬᠢᠲᠡᠢ ᠠᠵᠢᠯᠯᠠᠬᠤ ᠪᠠᠨ ᠢᠯᠡᠷᠬᠡᠶᠢᠯᠡᠪᠡ᠃