ᠣᠶᠤᠲᠠᠨ ᠰᠤᠷᠭᠠᠬᠤ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠭᠡᠷ᠎ᠡ ᠪᠠᠶᠢᠭᠤᠯᠤᠯ᠎ᠠ | News.MN

ᠣᠶᠤᠲᠠᠨ ᠰᠤᠷᠭᠠᠬᠤ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠭᠡᠷ᠎ᠡ ᠪᠠᠶᠢᠭᠤᠯᠤᠯ᠎ᠠ

ᠬᠢᠲᠠᠳ ᠤᠨ ᠭᠠᠨᠰᠤ ᠮᠤᠵᠢ ᠶᠢᠨ ᠵᠢᠤᠴᠢᠦᠸᠠᠨ ᠬᠣᠲᠠ ᠶᠢᠨ ᠲᠧᠭᠨᠢᠭ ᠦᠨ ᠺᠣᠯᠯᠧᠵᠢ ᠳᠤ ᠣᠶᠤᠲᠠᠨ ᠰᠤᠷᠭᠠᠬᠤ ᠭᠡᠷ᠎ᠡ ᠶᠢ ᠪᠠᠶᠠᠨᠬᠣᠩᠭᠣᠷ ᠠᠶᠢᠮᠠᠭ ᠤᠨ ᠪᠤᠯᠪᠠᠰᠤᠷᠠᠯ ᠰᠢᠨᠵᠢᠯᠡᠬᠦ ᠤᠬᠠᠭᠠᠨ  ᠤᠷᠠᠯᠢᠭ ᠤᠨ ᠭᠠᠵᠠᠷ ᠤᠨ ᠳᠠᠷᠤᠭ᠎ᠠ ᠠᠵᠢᠯ ᠤᠨ ᠬᠡᠰᠡᠭ ᠦᠨ ᠬᠠᠮᠲᠤ ᠪᠡᠶᠡᠴᠢᠯᠡᠨ ᠣᠴᠢᠵᠤ ᠪᠠᠶᠢᠭᠤᠯᠵᠠᠢ᠃ ᠲᠤᠰ ᠮᠤᠵᠢ ᠲᠠᠢ ᠭᠠᠵᠠᠷ ᠲᠠᠷᠢᠶᠠᠯᠠᠩ᠂ ᠬᠦᠯᠡᠮᠵᠢ ᠶᠢᠨ ᠠᠵᠤ ᠠᠬᠤᠢ᠂ ᠮᠣᠳᠣ ᠪᠤᠲᠠ ᠲᠠᠷᠢᠶᠠᠯᠠᠬᠤ ᠠᠰᠠᠭᠤᠳᠠᠯ ᠢᠶᠠᠷ ᠪᠠᠶᠠᠨᠬᠣᠩᠭᠣᠷ ᠰᠤᠮᠤ ᠬᠠᠮᠲᠤᠷᠠᠨ ᠠᠵᠢᠯᠯᠠᠬᠤ ᠪᠠᠷ ᠮᠥᠨ ᠲᠣᠬᠢᠷᠠᠯᠴᠠᠭᠰᠠᠨ ᠪᠠᠶᠢᠨ᠎ᠠ᠃
ᠺᠣᠯᠯᠧᠵᠢ ᠳᠤ ᠤᠰᠤ᠂ ᠳᠤᠯᠠᠭᠠᠨ ᠬᠠᠩᠭᠠᠮᠵᠢ᠂ ᠰᠠᠨᠲ᠋ᠧᠭᠨᠢᠭ᠂ ᠬᠣᠭᠣᠯᠠ ᠦᠢᠯᠡᠳᠪᠦᠷᠢᠯᠡᠯ᠂ ᠭᠠᠵᠠᠷ ᠲᠠᠷᠢᠶᠠᠯᠠᠩ ᠡᠷᠬᠢᠯᠡᠯᠲᠡ᠂ ᠰᠤᠪᠢᠯᠠᠬᠤᠢ᠂ ᠡᠮ ᠵᠦᠢ ᠵᠡᠷᠭᠡ 20 ᠭᠠᠷᠤᠢ ᠮᠡᠷᠭᠡᠵᠢᠯ ᠢᠶᠡᠷ ᠣᠶᠤᠲᠠᠨ ᠰᠤᠷᠭᠠᠬᠤ ᠪᠥᠭᠡᠳ ᠰᠤᠷᠤᠯᠴᠠᠬᠤ ᠤᠶᠤᠲᠠᠳ ᠤᠨ ᠰᠤᠷᠭᠠᠯᠲᠠ ᠶᠢᠨ ᠲᠥᠯᠥᠪᠦᠷᠢ ᠪᠣᠯᠤᠨ ᠳᠣᠲᠣᠭᠤᠷ ᠪᠠᠶᠢᠷᠢᠨ ᠤ ᠲᠥᠯᠥᠪᠦᠷᠢ ᠶᠢ ᠲᠤᠰ ᠮᠤᠵᠢ ᠠᠴᠠ ᠬᠠᠷᠢᠭᠤᠴᠠᠬᠤ ᠠᠵᠠᠢ᠃

ᠰᠡᠳᠬᠢᠭᠳᠡᠯ ᠦᠯᠡᠳᠡᠭᠡᠬᠦ