ᠬᠢᠲᠠᠳ  ᠤᠨ ᠠᠯᠲᠠᠢ ᠠᠶᠢᠮᠠᠭ ᠤᠨ ᠴᠠᠭ ᠠᠭᠤᠷᠴᠢᠳ ᠲᠠᠢ ᠬᠠᠮᠲᠤᠷᠠᠨ ᠠᠵᠢᠯᠯᠠᠨ᠎ᠠ | News.MN

ᠬᠢᠲᠠᠳ  ᠤᠨ ᠠᠯᠲᠠᠢ ᠠᠶᠢᠮᠠᠭ ᠤᠨ ᠴᠠᠭ ᠠᠭᠤᠷᠴᠢᠳ ᠲᠠᠢ ᠬᠠᠮᠲᠤᠷᠠᠨ ᠠᠵᠢᠯᠯᠠᠨ᠎ᠠ

ᠪᠠᠶᠠᠨ-ᠥᠯᠥᠭᠡᠢ᠂ ᠬᠣᠪᠳᠣ ᠠᠶᠢᠮᠠᠭ ᠤᠨ ᠡᠮᠡᠭᠲᠡᠶᠢᠴᠦᠳ ᠦᠨ ᠲᠥᠯᠥᠭᠡᠯᠡᠯ ᠰᠠᠶ᠋ᠢᠬᠠᠨ ᠬᠢᠲᠠᠳ ᠤᠨ ᠰᠢᠨᠵᠢᠶᠡᠩ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠯᠲᠠᠢ ᠠᠶᠢᠮᠠᠭ ᠲᠤ ᠠᠵᠢᠯᠯᠠᠬᠤ ᠦᠶ᠎ᠡ ᠪᠡᠷ ᠪᠠᠶᠠᠨ-ᠥᠯᠥᠭᠡᠢ ᠠᠶᠢᠮᠠᠭ ᠤᠨ ᠤᠰᠤ᠂ ᠴᠠᠭ ᠠᠭᠤᠷ᠂ ᠣᠷᠴᠢᠨ ᠤ ᠰᠢᠨᠵᠢᠯᠡᠭᠡᠨ ᠦ ᠲᠥᠪ ᠦᠨ ᠳᠠᠷᠤᠭ᠎ᠠ ᠫ ∙ ᠵᠠᠨᠠᠷᠭᠦᠯ᠂ ᠠᠯᠲᠠᠢ ᠠᠶᠢᠮᠠᠭ ᠤᠨ ᠴᠠᠭ ᠠᠭᠤᠷ ᠤᠨ ᠭᠠᠵᠠᠷ ᠤᠨ ᠳᠠᠷᠤᠭ᠎ᠠ ᠯᠢ ᠶᠠ ᠰᠢᠨ ᠨᠠᠷ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠭᠰᠠᠨ ᠪᠠᠶᠢᠨ᠎ᠠ᠃
ᠲᠤᠰ ᠰᠠᠨᠠᠮᠵᠢ ᠪᠢᠴᠢᠭ ᠲᠦ ᠬᠥᠷᠰᠢ ᠵᠡᠷᠭᠡᠯᠡᠳᠡᠭᠡ ᠬᠣᠶᠠᠷ ᠠᠶᠢᠮᠠᠭ ᠤᠨ ᠴᠠᠭ ᠠᠭᠤᠷ ᠤᠨ ᠪᠠᠶᠢᠭᠤᠯᠤᠯᠭ᠎ᠠ ᠨᠤᠭᠤᠳ ᠬᠣᠭᠣᠷᠣᠨᠳᠣ ᠪᠠᠨ ᠮᠡᠳᠡᠭᠡᠯᠡᠯ ᠰᠤᠯᠢᠯᠴᠠᠬᠤ᠂ ᠬᠠᠷᠢᠯᠴᠠᠨ ᠲᠤᠷᠰᠢᠯᠭ᠎ᠠ ᠰᠤᠳᠤᠯᠬᠤ᠂ ᠢᠨᠵᠧᠨᠧᠷ ᠲᠧᠭᠨᠢᠭ ᠦᠨ ᠠᠵᠢᠯᠲᠠᠳ ᠤᠨ ᠢᠶᠠᠨ ᠮᠡᠷᠭᠡᠵᠢᠯ ᠢ ᠳᠡᠭᠡᠭᠰᠢᠯᠡᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠪᠠᠷ ᠲᠤᠰᠬᠠᠵᠠᠢ᠃

ᠰᠡᠳᠬᠢᠭᠳᠡᠯ ᠦᠯᠡᠳᠡᠭᠡᠬᠦ