ᠵᠡᠭᠦᠨ ᠠᠽᠢᠶ᠎ᠠ ᠶᠢᠨ ᠬᠥᠯ ᠪᠥᠮᠪᠥᠭᠡ ᠶᠢᠨ ᠬᠣᠯᠪᠣᠭᠠᠨ ᠤ 15 ᠬᠦᠷᠲᠡᠯᠡᠬᠢ ᠨᠠᠰᠤᠨ ᠤ ᠠᠪᠤᠷᠭᠤ ᠰᠢᠯᠭᠠᠷᠠᠭᠤᠯᠬᠤ ᠲᠡᠮᠡᠴᠡᠭᠡᠨ ᠬᠢᠲᠠᠳ ᠤᠨ ᠴᠢᠩᠳᠤᠤ ᠬᠤᠲᠠ ᠳᠤ ᠶᠢᠰᠦᠳᠦᠭᠡᠷ ᠰᠠᠷ᠎ᠠ ᠶᠢᠨ ᠨᠢᠭᠡᠨ ᠳᠦ ᠡᠬᠢᠯᠡᠭᠰᠡᠨ᠃ ᠣᠳᠣ ᠪᠠᠷ ᠬᠡᠰᠡᠭ ᠦᠨ ᠰᠡᠭᠦᠯ ᠦᠨ ᠲᠣᠭᠯᠠᠯᠲᠠ ᠨᠤᠭᠤᠳ ᠦᠷᠭᠦᠯᠵᠢᠯᠡᠵᠦ ᠪᠤᠢ ᠪᠥᠭᠡᠳ ᠮᠣᠩᠭᠣᠯ ᠤᠨ ᠰᠢᠭᠰᠢᠭᠡ ᠪᠠᠭ ᠡᠭᠡᠯᠵᠢᠲᠦ ᠲᠣᠭᠯᠠᠯᠲᠠ ᠪᠠᠨ ᠬᠢᠲᠠᠳ ᠤᠨ ᠮᠠᠺᠤ ᠶᠢᠨ ᠰᠢᠭᠰᠢᠭᠡ ᠪᠠᠭ ᠲᠠᠢ ᠬᠢᠵᠦ 5᠄0 ᠬᠠᠷᠢᠴᠠᠭ᠎ᠠ ᠲᠠᠢ ᠢᠯᠠᠯᠲᠠ ᠪᠠᠶᠢᠭᠤᠯᠤᠭᠰᠠᠨ ᠶᠤᠮ᠃
ᠢᠩᠭᠢᠭᠡᠳ ᠮᠠᠨ ᠤ ᠤᠯᠤᠰ ᠤᠨ ᠪᠠᠭ ᠤᠨ ᠬᠥᠪᠡᠭᠦᠳ《ᠠ》ᠬᠡᠰᠡᠭ ᠲᠦ 2 ᠬᠣᠵᠢᠯ 2 ᠬᠣᠵᠢᠭᠳᠠᠯ ᠲᠠᠢ ᠪᠠᠷ 6 ᠣᠨᠣᠭᠣ ᠲᠠᠢ ᠪᠠᠷ ᠭᠤᠷᠪᠠᠳᠤᠭᠠᠷ ᠪᠠᠶᠢᠷᠢ ᠳᠤ ᠪᠢᠴᠢᠭᠳᠡᠯ᠎ᠡ᠃ ᠲᠡᠳᠡ ᠡᠨᠡ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠲᠠᠪᠤᠳᠤᠭᠠᠷ ᠪᠠᠶᠢᠷᠢ ᠶᠢᠨ ᠲᠥᠯᠦᠭᠡᠬᠢ ᠲᠣᠭᠯᠠᠯᠲᠠ ᠶᠢ《B》ᠬᠡᠰᠡᠭ ᠦᠨ ᠭᠤᠷᠪᠠᠳᠤᠭᠠᠷ ᠪᠠᠶᠢᠷᠢ ᠳᠤ ᠣᠷᠣᠭᠰᠠᠨ ᠬᠤᠩᠺᠤᠩ ᠦᠨ ᠪᠠᠭ ᠲᠠᠢ ᠶᠢᠰᠦᠳᠦᠭᠡᠷ ᠰᠠᠷ᠎ᠠ ᠶᠢᠨ ᠳᠤᠯᠤᠭᠠᠨ ᠤ 15.00 ᠴᠠᠭ ᠠᠴᠠ ᠬᠢᠬᠦ ᠶᠤᠮ᠃