ᠮᠣᠩᠭᠣᠯ ᠤᠨ ᠠᠩᠬᠠᠳᠤᠭᠠᠷ ᠡᠯᠡᠰᠦᠨ ᠦ ᠨᠠᠭᠠᠳᠤᠮ ᠳᠤᠮᠳᠠᠭᠤᠪᠢ ᠠᠶᠢᠮᠠᠭ ᠤᠨ ᠮᠠᠨᠳᠠᠯᠭᠣᠪᠢ ᠬᠤᠲᠠᠨ᠎ᠠ ᠶᠢᠰᠦᠳᠦᠭᠡᠷ ᠰᠠᠷ᠎ᠠ ᠶᠢᠨ 15 ᠳᠦ ᠡᠬᠢᠯᠡᠵᠦ᠂ 4 ᠠᠶᠢᠮᠠᠭ᠂ 3 ᠶᠡᠬᠡ ᠳᠡᠭᠡᠳᠦ ᠰᠤᠷᠭᠠᠭᠤᠯᠢ᠂ 2 ᠰᠫᠣᠷᠲ ᠤᠨ ᠬᠣᠷᠢᠶ᠎ᠠ᠂ 5 ᠰᠫᠣᠷᠲ ᠤᠨ ᠺᠯᠦ᠋ᠪ ᠨᠡᠶᠢᠲᠡ 14 ᠪᠠᠶᠢᠭᠤᠯᠤᠯᠭ᠎ᠠ ᠶᠢᠨ 120 ᠭᠠᠷᠤᠢ ᠲᠠᠮᠢᠷᠴᠢᠳ ᠪᠠᠳ᠋ᠮᠢᠩᠲ᠋ᠤᠨ᠂ ᠸᠤᠯᠧᠪᠤᠯ᠂ ᠲᠸᠺᠪᠤᠯ᠂ ᠪᠥᠬᠡ ᠶᠢᠨ ᠲᠥᠷᠥᠯ ᠢᠶᠡᠷ ᠤᠷ᠎ᠠ ᠴᠢᠳᠠᠪᠤᠷᠢ ᠪᠠᠨ ᠰᠣᠷᠢᠨ ᠥᠷᠢᠰᠦᠯᠳᠦᠵᠦ ᠪᠠᠶᠢᠨ᠎ᠠ᠃
ᠡᠨᠡ ᠬᠦ ᠨᠠᠭᠠᠳᠤᠮ ᠢᠶᠠᠷ ᠳᠠᠮᠵᠢᠭᠤᠯᠤᠨ ᠣᠯᠠᠨ ᠨᠡᠶᠢᠲᠡ ᠳᠦ ᠪᠡᠶ᠎ᠡ ᠶᠢᠨ ᠲᠠᠮᠢᠷ ᠢᠶᠠᠷ ᠬᠢᠴᠢᠶᠡᠯᠯᠡᠬᠦ ᠶᠢ ᠤᠷᠢᠶᠠᠯᠠᠵᠤ᠂ ᠡᠷᠡᠭᠦᠯ ᠠᠮᠢᠳᠤᠷᠠᠯ ᠤᠨ ᠬᠡᠪ ᠮᠠᠶ᠋ᠢᠭ᠂ ᠰᠫᠣᠷᠲ ᠣᠯᠢᠮᠫᠢᠰᠮ ᠢ ᠰᠤᠷᠲᠠᠯᠴᠢᠯᠠᠨ ᠰᠢᠨᠡᠯᠢᠭ ᠰᠫᠣᠷᠲ ᠤᠨ ᠲᠥᠷᠥᠯ ᠦᠳ ᠢ ᠲᠠᠨᠢᠭᠤᠯᠬᠤ ᠵᠣᠷᠢᠯᠭ᠎ᠠ ᠲᠠᠢ᠃ ᠡᠯᠡᠰᠦᠨ ᠦ ᠨᠠᠭᠠᠳᠤᠮ 2 ᠡᠳᠦᠷ ᠦᠨ ᠲᠤᠷᠰᠢ ᠦᠷᠭᠦᠯᠵᠢᠯᠡᠨ᠎ᠡ᠃