ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ 2023 ᠣᠨ ᠤ ᠶᠢᠰᠦᠳᠦᠭᠡᠷ ᠰᠠᠷ᠎ᠠ ᠶᠢᠨ 19-23 ᠤ ᠡᠳᠦᠷ ᠦᠳ ᠲᠦ ᠨᠢᠦ᠋ ᠶᠤᠷᠺ ᠬᠤᠲᠠᠨ᠎ᠠ ᠠᠵᠢᠯᠯᠠᠵᠤ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 78 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠣᠷᠣᠯᠴᠠᠨ᠎ᠠ᠃
78 ᠳ᠋ᠤᠭᠠᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ 《ᠢᠲᠡᠭᠡᠯᠴᠡᠯ ᠢ ᠰᠡᠷᠭᠦᠭᠡᠵᠦ᠂ ᠳᠡᠯᠡᠬᠡᠢ ᠶᠢᠨ ᠡᠪ ᠨᠢᠭᠡᠳᠦᠯ ᠢ ᠳᠡᠪᠵᠢᠭᠡᠬᠦ ᠨᠢ᠄ ᠲᠣᠭᠲᠠᠪᠤᠷᠢᠲᠠᠢ ᠬᠥᠭᠵᠢᠯ ᠦᠨ 2030 ᠬᠥᠲᠥᠯᠪᠦᠷᠢ ᠪᠣᠯᠤᠨ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ ᠶᠢ ᠪᠦᠬᠦ ᠨᠡᠶᠢᠲᠡ ᠶᠢᠨ ᠡᠩᠬᠡ ᠲᠠᠶᠢᠪᠤᠩ᠂ ᠬᠥᠭᠵᠢᠯ ᠴᠡᠴᠡᠭᠯᠡᠯᠲᠡ᠂ ᠠᠬᠢᠴᠠ ᠳᠡᠪᠰᠢᠯ ᠦᠨ ᠲᠥᠯᠥᠭᠡ ᠡᠷᠴᠢᠮᠵᠢᠭᠦᠯᠬᠦ ᠨᠢ》 ᠰᠡᠳᠦᠪ ᠦᠨ ᠳᠣᠣᠷ᠎ᠠ ᠪᠣᠯᠬᠤ ᠪᠠ 100 ᠭᠠᠷᠤᠢ ᠤᠯᠤᠰ ᠲᠥᠷᠥ ᠶᠢᠨ ᠲᠡᠷᠢᠭᠦᠨ ᠦ ᠲᠦᠪᠰᠢᠨ ᠳᠦ ᠪᠡᠶᠡᠴᠢᠯᠡᠨ ᠣᠷᠣᠯᠴᠠᠬᠤ ᠪᠠᠨ ᠮᠡᠳᠡᠭᠳᠡᠵᠡᠢ᠃
ᠮᠣᠩᠭᠣᠯ ᠤᠯᠤᠰ ᠤᠨ ᠶᠡᠷᠦᠩᠬᠡᠶᠢᠯᠡᠭᠴᠢ ᠴᠢᠭᠤᠯᠭᠠᠨ ᠳᠦ ᠣᠷᠣᠯᠴᠠᠵᠤ᠂ ᠣᠯᠠᠨ ᠤᠯᠤᠰ ᠤᠨ ᠬᠠᠷᠢᠯᠴᠠᠭᠠᠨ ᠤ ᠲᠤᠯᠭᠠᠮᠳᠠᠭᠰᠠᠨ ᠠᠰᠠᠭᠤᠳᠠᠯ ᠢᠶᠠᠷ ᠮᠣᠩᠭᠣᠯ ᠤᠯᠤᠰ ᠤᠨ ᠪᠠᠶᠢᠷᠢ ᠰᠠᠭᠤᠷᠢ ᠶᠢ ᠢᠯᠡᠷᠬᠡᠶᠢᠯᠡᠵᠦ ᠦᠭᠡ ᠬᠡᠯᠡᠬᠦ ᠪᠠ ᠡᠨᠡ ᠦᠶ᠎ᠡ ᠪᠡᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠠᠨᠲ᠋ᠤᠨᠢᠤ᠋ ᠭᠤᠲ᠋ᠧᠷᠷᠸᠱ ᠪᠣᠯᠤᠨ ᠵᠠᠷᠢᠮ ᠤᠯᠤᠰ ᠤᠨ ᠲᠥᠷᠥ᠂ ᠵᠠᠰᠠᠭ ᠤᠨ ᠲᠡᠷᠢᠭᠦᠨ ᠲᠡᠢ ᠠᠭᠤᠯᠵᠠᠯᠲᠠ ᠬᠢᠬᠦ ᠪᠡᠷ ᠲᠥᠯᠥᠪᠯᠡᠵᠦ ᠪᠠᠶᠢᠨ᠎ᠠ᠃