ᠪᠤᠯᠠᠭᠠᠨ ᠰᠤᠮᠤ ᠶᠢᠨ ᠬᠢᠨ ᠦ 80 ᠭᠠᠷᠤᠢ ᠬᠤᠪᠢ ᠨᠢ ᠭᠠᠵᠠᠷ ᠲᠠᠷᠢᠶᠠᠯᠠᠩ ᠡᠷᠬᠢᠯᠡᠳᠡᠭ | News.MN

ᠪᠤᠯᠠᠭᠠᠨ ᠰᠤᠮᠤ ᠶᠢᠨ ᠬᠢᠨ ᠦ 80 ᠭᠠᠷᠤᠢ ᠬᠤᠪᠢ ᠨᠢ ᠭᠠᠵᠠᠷ ᠲᠠᠷᠢᠶᠠᠯᠠᠩ ᠡᠷᠬᠢᠯᠡᠳᠡᠭ

《ᠠᠯᠲᠠᠨ ᠨᠠᠮᠤᠷ᠂ ᠤᠷᠭᠤᠴᠠ ᠶᠢᠨ ᠪᠠᠶᠠᠷ-2023》ᠦᠢᠯᠡ ᠠᠵᠢᠯᠯᠠᠭ᠎ᠠ  ᠶᠢᠰᠦᠳᠦᠭᠡᠷ ᠰᠠᠷ᠎ᠠ ᠶᠢᠨ 17  ᠤ ᠡᠳᠦᠷ ᠡᠮᠦᠨᠡᠭᠣᠪᠢ ᠠᠶᠢᠮᠠᠭ ᠤᠨ ᠪᠤᠯᠠᠭᠠᠨ ᠰᠤᠮᠤᠨ ᠳᠤ ᠵᠣᠬᠢᠶᠠᠨ ᠪᠤᠯᠤᠯ᠎ᠠ᠃ ᠲᠤᠰ ᠪᠠᠶᠠᠷ ᠢ ᠲᠡᠨᠳᠡᠬᠢ ᠭᠠᠵᠠᠷ ᠲᠠᠷᠢᠶᠠᠯᠠᠩ ᠡᠷᠬᠢᠯᠡᠭᠴᠢᠳ᠂ ᠢᠷᠭᠡᠳ ᠬᠥᠳᠡᠯᠮᠦᠷᠢᠴᠢᠳ ᠦᠨ ᠳᠤᠮᠳᠠ ᠵᠢᠯ ᠪᠦᠷᠢ ᠤᠯᠠᠮᠵᠢᠯᠠᠯ ᠪᠣᠯᠭᠠᠨ ᠬᠢᠳᠡᠭ᠃
ᠪᠠᠶᠠᠷ ᠤᠨ ᠦᠶ᠎ᠡ ᠪᠡᠷ ᠶᠡᠷᠦᠩᠬᠡᠢ ᠪᠣᠯᠪᠠᠰᠤᠷᠠᠯ ᠤᠨ ᠰᠤᠷᠤᠭᠴᠢᠳ ᠤᠨ ᠳᠤᠮᠳᠠ《 ᠪᠠᠢᠭᠠᠯᠢ ᠶᠢᠨ ᠦᠭᠭᠦᠭᠡᠵᠢ》 ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠩᠭᠢ ᠨᠤᠭᠤᠳ ᠲᠠᠷᠢᠭᠰᠠᠨ ᠨᠣᠭᠣᠭ᠎ᠠ ᠪᠠᠷ ᠢᠶᠠᠨ ᠬᠦᠨᠡᠰᠦᠨ ᠦ ᠪᠦᠲᠦᠭᠡᠭᠳᠡᠬᠦᠨ ᠬᠢᠵᠦ ᠥᠷᠢᠰᠦᠯᠳᠦᠭᠰᠡᠨ ᠪᠣᠯ ᠨᠣᠭᠣᠭᠠᠴᠢᠳ ᠤᠨ ᠳᠤᠮᠳᠠ ᠸᠣᠯᠧᠢᠪᠣᠯ ᠤᠨ ᠲᠡᠮᠡᠴᠡᠭᠡᠨ᠂ ᠬᠦᠨᠡᠰᠦᠨ ᠦ ᠪᠦᠬᠦ ᠲᠥᠷᠥᠯ ᠦᠨ ᠨᠣᠭᠣᠭ᠎ᠠ ᠨᠤᠭᠤᠳ ᠠᠴᠠ ᠬᠠᠮᠤᠭ ᠤᠨ ᠲᠣᠮᠣ ᠰᠢᠯᠢᠳᠡᠭ ᠢ ᠲᠣᠳᠣᠷᠠᠭᠤᠯᠬᠤ᠂ ᠳᠠᠷᠤᠰᠢᠯᠠᠭᠰᠠᠨ ᠥᠷᠭᠡᠰᠦᠲᠦ ᠬᠡᠮᠬᠡ᠂  ᠰᠠᠯᠠᠲ ᠤᠨ ᠠᠮᠲᠠ ᠴᠢᠨᠠᠷ ᠢ ᠲᠣᠳᠣᠷᠠᠭᠤᠯᠬᠤ᠂ ᠮᠠᠰᠢᠨ ᠲᠡᠷᠭᠡ ᠪᠡᠨ ᠨᠣᠭᠣᠭ᠎ᠠ ᠪᠠᠷ ᠴᠢᠮᠡᠭᠯᠡᠬᠦ ᠵᠡᠷᠭᠡ ᠰᠣᠨᠢᠷᠬᠠᠯᠲᠠᠢ ᠤᠷᠤᠯᠳᠤᠭᠠᠨ ᠢ ᠵᠣᠬᠢᠶᠠᠨ ᠶᠠᠪᠤᠭᠤᠯᠵᠤ ᠰᠢᠯᠢᠳᠡᠭ ᠦᠳ ᠢᠶᠡᠨ ᠰᠢᠯᠭᠠᠷᠠᠭᠤᠯᠵᠠᠢ᠃
ᠡᠮᠦᠨᠡᠭᠣᠪᠢ ᠠᠶᠢᠮᠠᠭ ᠤᠨ ᠪᠤᠯᠠᠭᠠᠨ ᠰᠤᠮᠤ ᠨᠢ ᠤᠯᠠᠭᠠᠨ ᠯᠣᠣᠯᠢ ᠪᠠᠷ ᠢᠶᠠᠨ ᠤᠯᠤᠰ ᠲᠤ ᠪᠠᠨ ᠠᠯᠳᠠᠷᠲᠠᠢ ᠲᠡᠳᠦᠢ ᠦᠭᠡᠢ ᠰᠤᠮᠤ ᠶᠢᠨ ᠢᠷᠭᠡᠳ ᠦᠨ 80 ᠭᠠᠷᠤᠢ ᠬᠤᠪᠢ ᠨᠢ ᠭᠠᠵᠠᠷ ᠲᠠᠷᠢᠶᠠᠯᠠᠩ ᠡᠷᠬᠢᠯᠡᠳᠡᠭ᠃

ᠰᠡᠳᠬᠢᠭᠳᠡᠯ ᠦᠯᠡᠳᠡᠭᠡᠬᠦ