ᠪᠢᠣᠯᠣᠭᠢ ᠶᠢᠨ ᠬᠦᠷᠢᠶᠡᠯᠡᠩ ᠦᠨ ᠡᠷᠳᠡᠮᠲᠡᠳ ᠪᠤᠶᠢᠷ ᠨᠠᠭᠤᠷ ᠤᠨ ᠤᠰᠤᠨ ᠠᠴᠠ ᠳᠡᠭᠡᠵᠢ ᠠᠪᠴᠤ ᠰᠢᠨᠵᠢᠯᠡᠭᠡᠳ ᠬᠦᠯᠢᠴᠡᠬᠦ ᠬᠡᠮᠵᠢᠶᠡᠨ ᠡᠴᠡ ᠬᠡᠲᠦᠷᠡᠭᠰᠡᠨ ᠦᠵᠡᠭᠦᠯᠦᠯᠲᠡ ᠠᠵᠢᠭᠯᠠᠭᠳᠠᠭᠠ ᠦᠭᠡᠢ ᠭᠡᠪᠡ᠃ ᠲᠡᠳᠡ ᠳᠣᠷᠣᠨᠠᠲᠤ ᠠᠶᠢᠮᠠᠭ ᠤᠨ ᠭᠠᠳᠠᠷᠭᠤ ᠶᠢᠨ ᠤᠰᠤᠨ ᠤ ᠴᠢᠨᠠᠷ ᠤᠨ ᠡᠨᠡ ᠣᠨ ᠤ ᠨᠢᠭᠡᠳᠦᠭᠡᠷ ᠰᠠᠷ᠎ᠠ ᠶᠢᠨ ᠲᠥᠯᠥᠪ ᠪᠠᠶᠢᠳᠠᠯ ᠤᠨ ᠦᠵᠡᠭᠦᠯᠦᠯᠲᠡ ᠶᠢ MNS 4586᠄1998 ᠤᠰᠤᠨ ᠣᠷᠴᠢᠨ ᠤ ᠴᠢᠨᠠᠷ ᠤᠨ ᠦᠵᠡᠭᠦᠯᠦᠯᠲᠡ᠂ ᠶᠡᠷᠦᠩᠬᠡᠢ ᠱᠠᠭᠠᠷᠳᠠᠯᠭ᠎ᠠ ᠲᠠᠢ ᠬᠠᠷᠢᠴᠠᠭᠤᠯᠤᠭᠰᠠᠨ ᠪᠠᠶᠢᠨ᠎ᠠ᠃
ᠨᠠᠭᠤᠷ ᠤᠨ ᠤᠰᠤᠨ ᠤ ᠦᠨᠳᠦᠰᠦᠨ ᠢᠣᠨ ᠨᠤᠭᠤᠳ ᠪᠣᠯᠤᠨ ᠮᠢᠺᠷᠣᠡᠯᠧᠮᠧᠨᠲ ᠦᠳ ᠨᠢ ᠭᠠᠵᠠᠷ ᠵᠦᠢ ᠶᠢᠨ ᠪᠠᠶᠢᠷᠢᠯᠠᠯ᠂ ᠴᠢᠯᠠᠭᠤᠯᠢᠭ᠂ ᠠᠭᠤᠷ ᠠᠮᠢᠰᠬᠤᠯ ᠤᠨ ᠨᠥᠬᠥᠴᠡᠯ ᠡᠴᠡ ᠬᠠᠮᠢᠶᠠᠷᠤᠨ ᠤᠰᠤᠨ ᠳᠤ ᠢᠯᠡᠷᠡᠬᠦ ᠬᠡᠮᠵᠢᠶ᠎ᠡ ᠠᠭᠤᠯᠤᠮᠵᠢ ᠨᠢ ᠬᠡᠯᠪᠡᠯᠵᠡᠯ ᠲᠡᠢ ᠴᠤ ᠲᠣᠳᠣᠷᠬᠠᠢ ᠪᠥᠰᠡ ᠨᠤᠲᠤᠭ ᠤᠨ ᠬᠤᠪᠢ ᠳᠤ ᠲᠣᠭᠲᠠᠮᠠᠯ ᠰᠢᠨᠵᠢ ᠲᠡᠢ ᠪᠠᠶᠢᠳᠠᠭ᠃ ᠨᠠᠭᠤᠷ ᠤᠨ ᠤᠰᠤᠨ ᠤ MNS 0900᠄2018 ᠰᠲ᠋ᠠᠨᠳᠠᠷᠲ ᠲᠤ ᠲᠤᠰᠬᠠᠭᠳᠠᠭᠰᠠᠨ 18 ᠦᠵᠡᠭᠦᠯᠦᠯᠲᠡ ᠶᠢ ᠰᠣᠩᠭᠣᠨ ᠠᠪᠴᠤ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠠᠴᠠ ᠭᠠᠷᠭᠠᠭᠰᠠᠨ ᠤᠯᠤᠰ ᠣᠷᠣᠨ ᠨᠤᠭᠤᠳ ᠤᠨ ᠮᠥᠷᠳᠡᠵᠦ ᠪᠤᠢ ᠤᠮᠳᠠᠨ ᠤ ᠤᠰᠤᠨ ᠤ ᠰᠲ᠋ᠠᠨᠳᠠᠷᠲ ᠲᠠᠢ ᠬᠠᠷᠢᠴᠠᠭᠤᠯᠤᠨ ᠦᠵᠡᠬᠦ ᠳᠦ ᠮᠣᠩᠭᠣᠯ ᠤᠯᠤᠰ ᠲᠤ ᠮᠥᠷᠳᠡᠭᠳᠡᠵᠦ ᠪᠠᠶᠢᠭ᠎ᠠ ᠤᠮᠳᠠᠨ ᠤ ᠤᠰᠤᠨ ᠤ ᠰᠲ᠋ᠠᠨᠳᠠᠷᠲ MNS 0900᠄2018 ᠪᠣᠯᠤᠨ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠠᠴᠠ ᠭᠠᠷᠭᠠᠭᠰᠠᠨ ᠤᠯᠤᠰ ᠣᠷᠣᠨ ᠨᠤᠭᠤᠳ ᠤᠨ ᠤᠮᠳᠠᠨ ᠤ ᠤᠰᠤᠨ ᠤ ᠰᠲ᠋ᠠᠨᠳᠠᠷᠲ ᠱᠠᠭᠠᠷᠳᠠᠯᠭ᠎ᠠ ᠶᠢ ᠬᠠᠩᠭᠠᠵᠤ ᠪᠠᠶᠢᠨ᠎ᠠ ᠭᠡᠵᠦ ᠰᠤᠳᠤᠯᠭᠠᠨ ᠤ ᠲᠠᠢᠯᠤᠨ ᠳᠤ ᠳᠤᠷᠠᠳᠴᠠᠢ᠃