ᠤ᠊∙ᠬᠦᠷᠡᠯᠰᠦ᠋ᠬᠡ ᠬᠠᠰᠠᠭᠰᠲ᠋ᠠᠨ ᠤ ᠶᠡᠷᠦᠩᠬᠡᠶᠢᠯᠡᠭᠴᠢ ᠲᠡᠢ ᠠᠭᠤᠯᠵᠠᠪᠠ | News.MN

ᠤ᠊∙ᠬᠦᠷᠡᠯᠰᠦ᠋ᠬᠡ ᠬᠠᠰᠠᠭᠰᠲ᠋ᠠᠨ ᠤ ᠶᠡᠷᠦᠩᠬᠡᠶᠢᠯᠡᠭᠴᠢ ᠲᠡᠢ ᠠᠭᠤᠯᠵᠠᠪᠠ

ᠠᠮᠧᠷᠢᠺᠠ ᠶᠢᠨ ᠨᠢᠦ᠋ ᠶᠤᠷᠺ  ᠬᠤᠲᠠᠨ᠎ᠠ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠶᠢᠨ 78 ᠳ᠋ᠤᠭᠠᠷ ᠴᠢᠭᠤᠯᠭᠠᠨ ᠳᠤ ᠣᠷᠣᠯᠴᠠᠵᠤ ᠪᠤᠢ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠶᠢᠰᠦᠳᠦᠭᠡᠷ ᠰᠠᠷ᠎ᠠ ᠶᠢᠨ 19  ᠦ ᠡᠳᠦᠷ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠶᠡᠷᠦᠩᠬᠡᠶᠢᠯᠡᠭᠴᠢ ᠺᠠᠰᠢᠮ ᠵᠤᠮᠠᠷᠲ ᠲᠤᠺᠠᠶᠧ ᠢ ᠥᠪᠡᠷ ᠦᠨ ᠬᠢᠨᠢ ᠬᠦᠰᠡᠯᠲᠡ ᠪᠡᠷ ᠬᠦᠯᠢᠶᠡᠨ ᠠᠪᠴᠤ ᠠᠭᠤᠯᠵᠠᠪᠠ᠃
ᠮᠣᠩᠭᠣᠯ ᠤᠯᠤᠰ ᠤᠨ ᠶᠡᠷᠦᠩᠬᠡᠶᠢᠯᠡᠭᠴᠢ ᠲᠡᠦᠬᠡ᠂ ᠣᠶᠤᠨ ᠰᠠᠨᠠᠭ᠎ᠠ᠂ ᠥᠪ ᠰᠤᠶᠤᠯ᠂ ᠤᠯᠠᠮᠵᠢᠯᠠᠯ ᠤᠨ ᠬᠡᠯᠬᠢᠶ᠎ᠡ ᠬᠣᠯᠪᠣᠭ᠎ᠠ ᠲᠠᠢ ᠲᠤᠰ ᠤᠯᠤᠰ ᠲᠠᠢ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ ᠶᠢᠨ ᠲᠥᠯᠥᠭᠡ ᠪᠠᠶᠢᠭ᠎ᠠ ᠶᠢ ᠲᠡᠮᠳᠡᠭᠯᠡᠪᠡ᠃
ᠲᠥᠪ ᠠᠽᠢᠶ᠎ᠠ ᠶᠢᠨ ᠪᠥᠰᠡ ᠨᠤᠲᠤᠭ ᠲᠤ ᠵᠡᠷᠭᠡᠴᠡᠨ ᠣᠷᠣᠰᠢᠳᠠᠭ᠂ ᠳᠠᠯᠠᠢ ᠳᠤ ᠭᠠᠷᠴᠠ ᠦᠭᠡᠢ᠂ ᠬᠥᠭᠵᠢᠵᠦ ᠪᠤᠢ ᠣᠷᠣᠨ ᠨᠤᠭᠤᠳ ᠤᠨ ᠬᠤᠪᠢ ᠳᠤ ᠬᠥᠭᠵᠢᠯ ᠦᠨ ᠲᠤᠷᠰᠢᠯᠭ᠎ᠠ ᠪᠠᠨ ᠬᠠᠷᠢᠯᠴᠠᠨ ᠬᠤᠪᠢᠶᠠᠯᠴᠠᠵᠤ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠤᠯᠠᠮ ᠪᠦᠷ ᠬᠥᠭᠵᠢᠭᠦᠯᠬᠦ ᠥᠷᠭᠡᠨ ᠪᠣᠯᠤᠮᠵᠢ ᠪᠠᠶᠢᠭ᠎ᠠ ᠶᠢ ᠬᠠᠷᠢᠯᠴᠠᠨ ᠢᠯᠡᠷᠬᠡᠶᠢᠯᠡᠪᠡ᠃
ᠬᠣᠶᠠᠷ ᠤᠯᠤᠰ ᠤᠨ ᠲᠥᠷᠥ ᠶᠢᠨ ᠲᠡᠷᠢᠭᠦᠨ ᠡᠺᠰᠫᠣᠷᠲ᠂ ᠢᠮᠫᠣᠷᠲ ᠤᠨ ᠪᠠᠷᠠᠭ᠎ᠠ ᠪᠦᠲᠦᠭᠡᠭᠳᠡᠬᠦᠨ ᠦ ᠨᠡᠷ᠎ᠡ ᠲᠥᠷᠥᠯ ᠢ ᠲᠥᠷᠦᠯᠵᠢᠭᠦᠯᠵᠦ᠂ ᠤᠯᠠᠮ ᠢᠶᠠᠷ ᠬᠤᠳᠠᠯᠳᠤᠭᠠᠨ ᠤ ᠡᠷᠭᠢᠯᠲᠡ ᠶᠢ ᠨᠡᠮᠡᠭᠳᠡᠭᠦᠯᠬᠦ᠂《ᠮᠣᠩᠭᠣᠯ᠂ ᠬᠠᠰᠠᠭᠰᠲ᠋ᠠᠨ ᠤ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ 2023-2025 ᠣᠨ ᠳᠤ ᠡᠷᠴᠢᠮᠵᠢᠭᠦᠯᠬᠦ ᠵᠠᠮ ᠤᠨ ᠵᠢᠷᠤᠭᠯᠠᠯ》ᠪᠣᠯᠤᠨ ᠪᠢᠽᠢᠨᠧᠰ ᠦᠨ ᠵᠥᠪᠯᠡᠯ ᠢ ᠣᠶᠢᠷ᠎ᠠ ᠶᠢᠨ ᠬᠤᠭᠤᠴᠠᠭᠠᠨ ᠳᠤ ᠪᠠᠶᠢᠭᠤᠯᠬᠤ ᠨᠢ ᠵᠦᠢᠲᠡᠢ ᠭᠡᠳᠡᠭ ᠲᠦ ᠰᠠᠨᠠᠯ ᠨᠢᠭᠡᠳᠪᠡ᠃

ᠰᠡᠳᠬᠢᠭᠳᠡᠯ ᠦᠯᠡᠳᠡᠭᠡᠬᠦ