ᠡᠨᠡ ᠰᠠᠷ᠎ᠠ ᠶᠢᠨ 19-22 ᠤ ᠡᠳᠦᠷ ᠦᠳ ᠲᠦ ᠶᠠᠫᠣᠨ ᠤᠯᠤᠰ ᠤᠨ ᠮᠡᠷᠭᠡᠵᠢᠯ ᠦᠨ ᠡᠮᠴᠢ ᠨᠠᠷ ᠮᠠᠨ ᠤ ᠤᠯᠤᠰ ᠤᠨ ᠭᠤᠷᠪᠠᠳᠤᠭᠠᠷ ᠲᠥᠪ ᠡᠮᠨᠡᠯᠭᠡ ᠶᠢᠨ ᠡᠮᠴᠢ᠂ ᠮᠡᠷᠭᠡᠵᠢᠯᠲᠡᠳ ᠲᠡᠢ ᠬᠠᠮᠲᠤᠷᠠᠨ ᠲᠠᠷᠢᠬᠢᠨ ᠤ ᠰᠠ ᠲᠠᠢ 4-15 ᠨᠠᠰᠤᠨ ᠤ ᠵᠢᠷᠭᠤᠭᠠᠨ ᠬᠡᠦᠬᠡᠳ ᠲᠦ ᠮᠡᠰᠡ ᠵᠠᠰᠠᠯ ᠡᠮᠴᠢᠯᠡᠭᠡ ᠶᠢ ᠦᠨ᠎ᠡ ᠲᠥᠯᠦᠪᠦᠷᠢ ᠦᠭᠡᠢ ᠬᠢᠬᠦ ᠪᠡᠷ ᠪᠣᠯᠤᠯ᠎ᠠ᠃
ᠡᠨᠡ ᠰᠠᠷ᠎ᠠ ᠶᠢᠨ 18 ᠳᠤ ᠮᠤᠩᠭᠤᠯ ᠳᠤ ᠢᠷᠡᠭᠰᠡᠨ ᠶᠠᠫᠣᠨ ᠤ ᠲᠤᠤᠺᠢᠤ᠋ ᠬᠣᠲᠠ ᠶᠢᠨ ᠬᠡᠦᠬᠡᠳ ᠦᠨ ᠡᠷᠡᠭᠦᠯ ᠮᠡᠨᠳᠦ ᠶᠢᠨ ᠲᠥᠪ ᠦᠨ ᠮᠡᠳᠡᠷᠡᠯ ᠦᠨ ᠮᠡᠰᠡ ᠵᠠᠰᠠᠯ ᠤᠨ ᠲᠠᠰᠤᠭ ᠤᠨ ᠳᠠᠷᠤᠭ᠎ᠠ ᠢᠾᠠᠷᠠ ᠰᠠᠲ᠋ᠣᠰᠢ᠂ ᠬᠡᠦᠬᠡᠳ ᠦᠨ ᠮᠡᠳᠡᠷᠡᠯ ᠦᠨ ᠮᠡᠰᠡ ᠵᠠᠰᠠᠯ ᠤᠨ ᠵᠦᠪᠯᠡᠬᠦ ᠡᠮᠴᠢ ᠮᠣᠷᠣᠲ᠋ᠠ ᠨᠤᠪᠤᠾᠢᠲ᠋ᠤ᠋ ᠨᠠᠷ ᠤᠭ ᠮᠡᠰᠡ ᠵᠠᠰᠠᠯ ᠤᠨ ᠠᠷᠭ᠎ᠠ ᠲᠧᠭᠨᠣᠯᠣᠭᠢ ᠶᠢ ᠮᠠᠨ ᠤ ᠳᠤ ᠰᠢᠨ᠎ᠡ ᠪᠡᠷ ᠨᠤᠲᠤᠭᠰᠢᠭᠤᠯᠬᠤ ᠠᠵᠡᠢ᠃ ᠡᠶᠢᠮᠦ ᠲᠥᠷᠥᠯ ᠦᠨ ᠮᠡᠰᠡ ᠵᠠᠰᠠᠯ ᠢ ᠮᠣᠩᠭᠣᠯ ᠳᠤ ᠡᠮᠦᠨ᠎ᠡ ᠨᠢ ᠬᠢᠵᠦ ᠪᠠᠶᠢᠭ᠎ᠠ ᠦᠭᠡᠢ ᠶᠤᠮ᠃