《Historia》ᠰᠡᠳᠬᠦᠯ  ᠳᠤ ᠮᠣᠩᠭᠣᠯ ᠤᠨ ᠡᠵᠡᠨᠲᠦ ᠭᠦᠷᠦᠨ ᠦ ᠲᠠᠯ᠎ᠠ ᠪᠠᠷ ᠨᠡᠶᠢᠲᠡᠯᠡᠵᠡᠢ | News.MN

《Historia》ᠰᠡᠳᠬᠦᠯ  ᠳᠤ ᠮᠣᠩᠭᠣᠯ ᠤᠨ ᠡᠵᠡᠨᠲᠦ ᠭᠦᠷᠦᠨ ᠦ ᠲᠠᠯ᠎ᠠ ᠪᠠᠷ ᠨᠡᠶᠢᠲᠡᠯᠡᠵᠡᠢ

ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠨᠠᠨᠲ ᠬᠣᠲᠠ ᠶᠢᠨ ᠲᠡᠦᠬᠡ ᠶᠢᠨ ᠮᠦᠽᠧᠢ ᠳᠦ 《ᠴᠢᠩᠭᠢᠰ ᠬᠠᠭᠠᠨ- ᠮᠣᠩᠭᠣᠯᠴᠤᠳ ᠳᠡᠯᠡᠬᠡᠢ ᠶᠢ ᠥᠭᠡᠷᠡᠴᠢᠯᠡᠭᠰᠡᠨ ᠨᠢ》 ᠦᠵᠡᠰᠬᠦᠯᠡᠩ ᠢ  ᠤᠳᠠᠬᠤ ᠦᠭᠡᠢ ᠲᠣᠯᠢᠯᠠᠭᠤᠯᠤᠨ᠎ᠠ᠃ ᠡᠭᠦᠨ ᠲᠡᠢ ᠬᠣᠯᠪᠣᠭᠳᠠᠭᠤᠯᠤᠨ ᠮᠣᠩᠭᠣᠯ ᠤᠨ ᠡᠵᠡᠨᠲᠦ ᠭᠦᠷᠦᠨ᠂ ᠴᠢᠩᠭᠢᠰ ᠬᠠᠭᠠᠨ ᠪᠣᠯᠤᠨ ᠴᠢᠩᠭᠢᠰ ᠬᠠᠭᠠᠨ ᠮᠦᠽᠧᠢ ᠶᠢᠨ ᠲᠠᠯ᠎ᠠ ᠪᠠᠷ ᠹᠷᠠᠨᠼᠢ ᠬᠡᠯᠡᠲᠡᠨ ᠣᠷᠣᠨ ᠨᠤᠭᠤᠳ ᠤᠨ ᠰᠣᠶᠣᠯ ᠤᠷᠠᠯᠢᠭ᠂ ᠲᠡᠦᠬᠡ ᠶᠢᠨ ᠰᠠᠯᠪᠤᠷᠢ ᠳᠤ ᠨᠡᠷ᠎ᠡ ᠬᠦᠨᠳᠦᠲᠡᠢ 《Historia》 ᠰᠡᠳᠬᠦᠯ ᠦᠨ 9-11 ᠳ᠋ᠦ᠋ᠭᠡᠷ ᠰᠠᠷ᠎ᠠ︵№69︶ ᠶᠢᠨ ᠲᠤᠰᠬᠠᠢ ᠳ᠋ᠤᠭᠠᠷ ᠲᠤ ᠣᠯᠠᠨ ᠰᠣᠨᠢᠷᠬᠠᠯ ᠲᠠᠢ ᠨᠡᠶᠢᠲᠡᠯᠡᠯ ᠭᠠᠷᠴᠠᠢ᠃
ᠡᠭᠦᠨ ᠢ ᠠᠵᠢᠯ ᠬᠡᠷᠡᠭ ᠪᠤᠯᠭᠠᠬᠤ ᠳᠤ ᠮᠣᠩᠭᠣᠯ ᠰᠤᠳᠤᠯᠤᠭᠠᠴᠢ᠂ ᠨᠠᠨᠲ᠋ᠧᠷᠷ ᠤᠨ ᠶᠡᠬᠡ ᠰᠤᠷᠭᠠᠭᠤᠯᠢ ᠶᠢᠨ ᠫᠷᠣᠹᠧᠰᠰᠣᠷ᠂ 《ᠴᠢᠩᠭᠢᠰ ᠬᠠᠭᠠᠨ- ᠮᠣᠩᠭᠣᠯᠴᠤᠳ ᠳᠡᠯᠡᠬᠡᠢ ᠶᠢ ᠥᠭᠡᠷᠡᠴᠢᠯᠡᠭᠰᠡᠨ ᠨᠢ》 ᠦᠵᠡᠰᠬᠦᠯᠡᠩ ᠦᠨ ᠰᠢᠨᠵᠢᠯᠡᠬᠦ ᠤᠬᠠᠭᠠᠨ ᠤ ᠺᠦ᠋ᠷᠠᠲ᠋ᠣᠷ ᠬᠠᠲᠤᠭᠲᠠᠢ ᠮᠠᠷᠢ ᠹᠠᠪᠷᠤ᠂ ᠣᠯᠠᠨ ᠤᠯᠤᠰ ᠤᠨ ᠡᠷᠳᠡᠮᠲᠡᠳ ᠬᠠᠮᠲᠤᠷᠠᠨ ᠠᠵᠢᠯᠯᠠᠵᠤ ᠦᠨᠡᠲᠡᠢ ᠬᠤᠪᠢ ᠨᠡᠮᠡᠷᠢ ᠣᠷᠣᠭᠤᠯᠤᠭᠰᠠᠨ ᠢ ᠭᠠᠳᠠᠭᠠᠳᠤ ᠬᠠᠷᠢᠯᠴᠠᠭᠠᠨ ᠤ ᠶᠠᠮᠤᠨ ᠮᠡᠳᠡᠭᠡᠯᠡᠪᠡ᠃

ᠰᠡᠳᠬᠢᠭᠳᠡᠯ ᠦᠯᠡᠳᠡᠭᠡᠬᠦ