ᠹᠷᠠᠨᠼᠢ ᠳᠤ ᠭᠠᠷᠬᠤ《ᠴᠢᠩᠭᠢᠰ ᠬᠠᠭᠠᠨ》ᠦᠵᠡᠰᠬᠦᠯᠡᠩ ᠳᠦ 400 ᠭᠠᠷᠤᠢ ᠦᠵᠡᠮᠦᠷᠢ ᠳᠡᠯᠭᠡᠨ᠎ᠡ | News.MN

ᠹᠷᠠᠨᠼᠢ ᠳᠤ ᠭᠠᠷᠬᠤ《ᠴᠢᠩᠭᠢᠰ ᠬᠠᠭᠠᠨ》ᠦᠵᠡᠰᠬᠦᠯᠡᠩ ᠳᠦ 400 ᠭᠠᠷᠤᠢ ᠦᠵᠡᠮᠦᠷᠢ ᠳᠡᠯᠭᠡᠨ᠎ᠡ

ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠨᠠᠨᠲ ᠬᠣᠲᠠ ᠶᠢᠨ ᠲᠡᠦᠬᠡ ᠶᠢᠨ ᠮᠦᠽᠧᠢ ᠳᠦ 《ᠴᠢᠩᠭᠢᠰ ᠬᠠᠭᠠᠨ-ᠮᠣᠩᠭᠣᠯᠴᠤᠳ ᠳᠡᠯᠡᠬᠡᠢ ᠶᠢ ᠥᠭᠡᠷᠡᠴᠢᠯᠡᠭᠰᠡᠨ ᠨᠢ》ᠦᠵᠡᠰᠬᠦᠯᠡᠩ ᠢ 10 ᠳ᠋ᠤᠭᠠᠷ ᠰᠠᠷ᠎ᠠ ᠶᠢᠨ 14 ᠡᠴᠡ 2024 ᠣᠨ ᠤ ᠲᠠᠪᠤᠳᠤᠭᠠᠷ ᠰᠠᠷ᠎ᠠ ᠶᠢᠨ 5  ᠬᠦᠷᠲᠡᠯ᠎ᠡ ᠵᠣᠬᠢᠶᠠᠨ ᠪᠠᠶᠢᠭᠤᠯᠤᠨ᠎ᠠ᠃

ᠲᠤᠰ ᠦᠵᠡᠰᠬᠦᠯᠡᠩ ᠢ ᠬᠣᠶᠠᠷ ᠤᠯᠤᠰ ᠤᠨ ᠲᠥᠷᠥ ᠶᠢᠨ ᠲᠡᠷᠢᠭᠦᠨ ᠢᠪᠡᠭᠡᠯ ᠳᠦ ᠪᠡᠨ ᠠᠪᠴᠤ ᠳᠡᠮᠵᠢᠵᠦ ᠠᠵᠢᠯᠯᠠᠵᠤ ᠪᠠᠶᠢᠭ᠎ᠠ ᠪᠥᠭᠡᠳ ᠴᠢᠨᠠᠭᠰᠢᠯᠠᠭᠠᠳ ᠰᠤᠶᠤᠯ ᠪᠣᠯᠤᠨ ᠠᠷᠬᠧᠣᠯᠣᠭᠢ ᠶᠢᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠶᠢ ᠡᠷᠴᠢᠮᠵᠢᠭᠦᠯᠦᠨ ᠬᠥᠭᠵᠢᠭᠦᠯᠬᠦ᠂ ᠮᠦᠽᠧᠢ ᠶᠢᠨ ᠰᠠᠯᠪᠤᠷᠢ ᠶᠢ ᠴᠢᠳᠠᠪᠬᠢᠵᠢᠭᠤᠯᠬᠤ ᠣᠯᠠᠨ ᠲᠠᠯᠠᠲᠤ ᠠᠵᠢᠯ ᠤᠳ ᠢ ᠲᠥᠯᠥᠪᠯᠡᠨ᠂ ᠪᠡᠯᠡᠳᠬᠡᠯ ᠠᠵᠢᠯ ᠤᠳ ᠦᠶ᠎ᠡ ᠱᠠᠲᠤ ᠲᠠᠢ ᠬᠢᠵᠦ ᠪᠤᠢ ᠶᠤᠮ᠃
ᠦᠵᠡᠰᠬᠦᠯᠡᠩ ᠢ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ᠂ ᠰᠤᠶᠤᠯ ᠤᠨ ᠰᠤᠷᠲᠠᠯᠴᠢᠯᠠᠭᠠᠨ ᠤ ᠬᠦᠷᠢᠶᠡᠨ ᠳᠦ ᠠᠰᠢᠭ ᠤᠨ ᠪᠤᠰᠤ ᠵᠣᠷᠢᠯᠭ᠎ᠠ ᠪᠠᠷ ᠵᠣᠬᠢᠶᠠᠨ ᠪᠠᠶᠢᠭᠤᠯᠬᠤ ᠪᠥᠭᠡᠳ ᠮᠣᠩᠭᠣᠯ ᠤᠨ ᠡᠵᠡᠨᠲᠦ ᠭᠦᠷᠦᠨ ᠪᠠᠶᠢᠭᠤᠯᠤᠭᠳᠠᠭᠰᠠᠨ ᠲᠡᠦᠬᠡ ᠶᠢ ᠬᠠᠷᠠᠭᠤᠯᠬᠤ ᠶᠢᠨ ᠵᠡᠷᠭᠡᠴᠡᠭᠡ ᠴᠢᠩᠭᠢᠰ ᠬᠠᠭᠠᠨ᠂ ᠲᠡᠭᠦᠨ ᠦ ᠵᠠᠯᠭᠠᠮᠵᠢᠯᠠᠭᠴᠢᠳ ᠲᠢᠪ ᠳᠠᠮᠨᠠᠭᠰᠠᠨ ᠡᠵᠡᠨᠲᠦ ᠭᠦᠷᠦᠨ ᠢ ᠬᠡᠷᠬᠢᠨ ᠪᠠᠶᠢᠭᠤᠯᠤᠭᠰᠠᠨ ᠢ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠲᠠᠢ᠃ ᠦᠵᠡᠰᠬᠦᠯᠡᠩ ᠳᠦ ᠮᠣᠩᠭᠣᠯ ᠤᠯᠤᠰ ᠠᠴᠠ 400 ᠭᠠᠷᠤᠢ᠂ ᠧᠦ᠋ᠷᠣᠫᠠ ᠶᠢᠨ ᠵᠠᠷᠢᠮ ᠤᠯᠤᠰ ᠠᠴᠠ 150 ᠭᠠᠷᠤᠢ ᠦᠵᠡᠮᠦᠷᠢ ᠳᠡᠯᠭᠡᠬᠦ ᠶᠤᠮ᠃

ᠰᠡᠳᠬᠢᠭᠳᠡᠯ ᠦᠯᠡᠳᠡᠭᠡᠬᠦ