ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠹᠢᠨᠯᠠᠨᠳ᠋ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠶᠢ ᠲᠣᠬᠢᠶᠠᠯᠳᠤᠭᠤᠯᠤᠨ ᠮᠣᠩᠭᠣᠯ ᠤᠯᠤᠰ ᠤᠨ ᠡᠯᠴᠢᠨ ᠰᠠᠶᠢᠳ ᠤᠨ ᠶᠠᠮᠤᠨ ᠠᠴᠠ《ᠬᠤᠷᠢᠳᠤᠭᠠᠷ ᠵᠠᠭᠤᠨ ᠤ ᠡᠬᠢᠨ ᠦᠶ᠎ᠡ ᠶᠢᠨ ᠮᠣᠩᠭᠣᠯ ᠣᠷᠣᠨ ᠷᠠᠮᠰᠲ᠋ᠧᠳᠢᠲ ᠤᠨ ᠭᠡᠷᠡᠯ ᠵᠢᠷᠤᠭ ᠲᠤ》ᠭᠡᠷᠡᠯ ᠵᠢᠷᠤᠭ ᠤᠨ ᠦᠵᠡᠰᠬᠦᠯᠡᠩ ᠢ ᠾᠧᠯᠢᠰᠢᠨᠺᠢ ᠬᠤᠲᠠᠨ᠎ᠠ ᠨᠡᠭᠡᠭᠡᠯ᠎ᠡ᠃
ᠹᠢᠨᠯᠠᠨᠳ᠋ ᠤᠯᠤᠰ ᠨᠢ ᠮᠣᠩᠭᠣᠯ ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠨᠣᠷᠳᠢᠺ ᠤᠨ ᠠᠩᠬᠠᠨ ᠤ ᠤᠯᠤᠰ ᠪᠥᠭᠡᠳ ᠬᠣᠶᠠᠷ ᠤᠯᠤᠰ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠶᠢ ᠳᠡᠭᠡᠳᠦᠯᠡᠭᠰᠡᠨ ᠨᠡᠶᠢᠲᠡᠯᠢᠭ ᠦᠨᠡᠲᠦ ᠵᠦᠢᠯ ᠳᠦ ᠰᠠᠭᠤᠷᠢᠯᠠᠭᠰᠠᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠵᠦ ᠪᠠᠶᠢᠨ᠎ᠠ᠃