《ᠲᠢᠺᠲ᠋ᠣᠺ》 ᠢᠶᠠᠷ ᠳᠠᠮᠵᠢᠭᠤᠯᠤᠨ ᠮᠣᠩᠭᠣᠯ ᠤᠯᠤᠰ ᠢ ᠰᠤᠷᠲᠠᠯᠴᠢᠯᠠᠨ᠎ᠠ | News.MN

《ᠲᠢᠺᠲ᠋ᠣᠺ》 ᠢᠶᠠᠷ ᠳᠠᠮᠵᠢᠭᠤᠯᠤᠨ ᠮᠣᠩᠭᠣᠯ ᠤᠯᠤᠰ ᠢ ᠰᠤᠷᠲᠠᠯᠴᠢᠯᠠᠨ᠎ᠠ

ᠰᠤᠶᠤᠯ ᠤᠨ ᠰᠠᠶᠢᠳ ᠴ ∙ ᠨᠣᠮᠢᠨ《ᠲᠢᠺᠲ᠋ᠣᠺ》ᠺᠣᠮᠫᠠᠨᠢ ᠶᠢᠨ ᠣᠯᠠᠨ ᠤᠯᠤᠰ ᠤᠨ ᠪᠣᠳᠣᠯᠭ᠎ᠠ᠂ ᠲᠥᠯᠥᠪᠯᠡᠯᠲᠡ ᠶᠢᠨ ᠵᠠᠬᠢᠷᠤᠯ ᠳ᠋ᠠᠨᠢᠶᠠᠯ ᠷᠢᠤ ᠲᠡᠢ 09 ᠰᠠᠷ᠎ᠠ ᠶᠢᠨ 25 ᠳᠦ ᠠᠭᠤᠯᠵᠠᠭᠰᠠᠨ ᠪᠠᠶᠢᠨ᠎ᠠ᠃《ᠲᠢᠺᠲ᠋ᠣᠺ》ᠪᠤᠯ ᠳᠡᠯᠡᠬᠡᠢ ᠳᠠᠶᠠᠭᠠᠷ 1.6 ᠲᠡᠷᠪᠤᠮ᠂ ᠢᠳᠡᠪᠬᠢᠲᠡᠢ 1.1 ᠲᠡᠷᠪᠤᠮ ᠬᠡᠷᠡᠭᠯᠡᠭᠴᠢ ᠲᠡᠢ ᠣᠯᠠᠨ ᠨᠡᠶᠢᠲᠡ ᠶᠢᠨ ᠴᠠᠬᠢᠮ ᠰᠦᠯᠵᠢᠶ᠎ᠡ ᠲᠤᠯᠠ ᠲᠡᠭᠦᠨ ᠢᠶᠡᠷ ᠳᠠᠮᠵᠢᠭᠤᠯᠤᠨ ᠮᠣᠩᠭᠣᠯ ᠤᠯᠤᠰ ᠢ ᠣᠯᠠᠨ ᠤᠯᠤᠰ ᠲᠤ ᠰᠤᠷᠲᠠᠯᠴᠢᠯᠠᠬᠤ᠂ ᠬᠠᠮᠲᠤᠷᠠᠨ ᠠᠵᠢᠯᠯᠠᠬᠤ ᠠᠰᠠᠭᠤᠳᠠᠯ ᠢᠶᠠᠷ ᠰᠠᠨᠠᠯ ᠰᠣᠯᠢᠯᠴᠠᠭᠰᠠᠨ ᠪᠠᠶᠢᠨ᠎ᠠ᠃
ᠲᠡᠭᠦᠨᠴᠢᠯᠡᠨ《ᠲᠢᠺᠲ᠋ᠣᠺ》ᠴᠠᠬᠢᠮ ᠰᠦᠯᠵᠢᠶᠡᠨ ᠳᠦ ᠮᠣᠩᠭᠣᠯ ᠤᠨ ᠺᠣᠨᠲ᠋ᠧᠨᠲ ᠪᠦᠲᠦᠭᠡᠭᠴᠢᠳ ᠢ ᠣᠯᠠᠨ ᠤᠯᠤᠰ ᠤᠨ ᠵᠠᠬ᠎ᠠ ᠵᠡᠭᠡᠯᠢ ᠳᠦ ᠲᠠᠨᠢᠭᠳᠠᠬᠤ ᠳᠤ ᠲᠤᠰᠠᠯᠠᠬᠤ᠂ ᠲᠤᠰ ᠴᠠᠬᠢᠮ ᠰᠦᠯᠵᠢᠶᠡᠨ ᠳᠦ ᠣᠯᠠᠨ ᠰᠠᠶ᠎ᠠ ᠳᠠᠭᠠᠭᠴᠢᠳ ᠲᠠᠢ ᠺᠣᠨᠲ᠋ᠧᠨᠲ ᠪᠦᠲᠦᠭᠡᠭᠴᠢᠳ ᠢ ᠮᠣᠩᠭᠣᠯ ᠤᠯᠤᠰ ᠲᠤ ᠤᠷᠢᠵᠤ᠂ ᠮᠣᠩᠭᠣᠯ ᠤᠯᠤᠰ ᠤᠨ ᠲᠠᠯ᠎ᠠ ᠪᠠᠷ ᠺᠣᠨᠲ᠋ᠧᠨᠲ ᠪᠦᠲᠦᠭᠡᠬᠦ ᠵᠡᠷᠭᠡ ᠠᠰᠠᠭᠤᠳᠠᠯ ᠢᠶᠠᠷ ᠶᠠᠷᠢᠯᠴᠠᠵᠠᠢ᠃

ᠰᠡᠳᠬᠢᠭᠳᠡᠯ ᠦᠯᠡᠳᠡᠭᠡᠬᠦ