ᠰᠦᠨ ᠦ ᠤᠷᠮᠠᠰᠢᠭᠤᠯᠤᠯ ᠢ 1000 ᠲᠥᠭᠥᠷᠢᠭ ᠪᠣᠯᠭᠠᠵᠤ ᠨᠡᠮᠡᠭᠳᠡᠭᠦᠯᠦᠯ᠎ᠡ | News.MN

ᠰᠦᠨ ᠦ ᠤᠷᠮᠠᠰᠢᠭᠤᠯᠤᠯ ᠢ 1000 ᠲᠥᠭᠥᠷᠢᠭ ᠪᠣᠯᠭᠠᠵᠤ ᠨᠡᠮᠡᠭᠳᠡᠭᠦᠯᠦᠯ᠎ᠡ

ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠰᠦ ᠪᠣᠯᠪᠠᠰᠤᠷᠠᠭᠤᠯᠬᠤ ᠦᠢᠯᠡᠳᠪᠦᠷᠢ᠂ ᠴᠧᠾ ᠳᠦ ᠱᠠᠭᠠᠷᠳᠠᠯᠭ᠎ᠠ ᠳᠤ ᠨᠡᠶᠢᠴᠡᠭᠰᠡᠨ ᠮᠠᠯ ᠤᠨ ᠲᠦᠭᠦᠬᠡᠢ ᠰᠦ ᠨᠡᠶᠢᠯᠡᠭᠦᠯᠦᠭᠰᠡᠨ ᠮᠠᠯᠴᠢᠨ᠂ ᠡᠷᠴᠢᠮᠵᠢᠭᠰᠡᠨ ᠮᠠᠯ ᠠᠵᠤ ᠠᠬᠤᠢ ᠡᠷᠬᠢᠯᠡᠭᠴᠢ ᠨᠠᠷ ᠲᠤ ᠯᠢᠲ᠋ᠷ ᠲᠤᠲᠤᠮ ᠳᠤ ᠣᠯᠭᠤᠳᠠᠭ ᠤᠷᠮᠠᠰᠢᠭᠤᠯᠤᠯ ᠢ 1000 ᠲᠥᠭᠥᠷᠢᠭ ᠪᠣᠯᠭᠠᠨ ᠨᠡᠮᠡᠭᠳᠡᠭᠦᠯᠵᠡᠢ᠃

ᠵᠠᠰᠠᠭ ᠤᠨ ᠭᠠᠵᠠᠷ ᠠᠴᠠ 2020 ᠣᠨ ᠳᠤ ᠰᠦ ᠦᠢᠯᠡᠳᠪᠦᠷᠢᠯᠡᠭᠴᠢ ᠨᠠᠷ ᠲᠤ ᠤᠷᠮᠠᠰᠢᠭᠤᠯᠤᠯ ᠣᠯᠭᠣᠬᠤ ᠲᠤᠬᠠᠢ ᠲᠣᠭᠲᠠᠭᠠᠯ ᠢ ᠪᠠᠲᠤᠯᠠᠭᠰᠠᠨ ᠠᠴᠠ ᠬᠣᠶᠢᠰᠢ ᠰᠦᠨ ᠦ ᠦᠢᠯᠡᠳᠪᠦᠷᠢᠯᠡᠯ ᠡᠮᠦᠨᠡᠬᠢ ᠵᠢᠯ ᠦᠳ ᠡᠴᠡ 51 ᠬᠤᠪᠢ ᠪᠠᠷ ᠨᠡᠮᠡᠭᠳᠡᠭᠰᠡᠨ ᠪᠠᠢᠨ᠎ᠠ᠃ ᠮᠠᠨ ᠤ ᠤᠯᠤᠰ ᠤᠨ ᠬᠡᠮᠵᠢᠶᠡᠨ ᠳᠦ ᠰᠦ᠂ ᠰᠦᠨ ᠪᠦᠲᠦᠭᠡᠭᠳᠡᠬᠦᠨ ᠦ 206 ᠦᠢᠯᠡᠳᠪᠦᠷᠢ᠂ ᠴᠧᠾ ᠪᠠᠶᠢᠳᠠᠭ ᠠᠴᠠ ᠲᠣᠭᠲᠠᠮᠠᠯ ᠦᠢᠯᠡ ᠠᠵᠢᠯᠯᠠᠭ᠎ᠠ ᠶᠠᠪᠤᠭᠤᠯᠳᠠᠭ 36 ᠦᠢᠯᠡᠳᠪᠦᠷᠢ᠂ ᠴᠧᠾ ᠂ 77 ᠬᠥᠷᠥᠭᠡᠯᠲᠡ ᠶᠢᠨ ᠲᠥᠪ ᠪᠠᠶᠢᠨ᠎ᠠ᠃

ᠰᠡᠳᠬᠢᠭᠳᠡᠯ ᠦᠯᠡᠳᠡᠭᠡᠬᠦ