ᠪᠠᠶᠠᠨ-ᠥᠯᠥᠭᠡᠢ ᠠᠶᠢᠮᠠᠭ ᠤᠨ ᠥᠯᠥᠭᠡᠢ ᠬᠤᠲᠠ ᠳᠤ ᠮᠡᠳᠡᠷᠡᠯ᠂ ᠳᠤᠲᠤᠷ᠂ ᠤᠯᠠᠮᠵᠢᠯᠠᠯᠲᠤ ᠡᠮᠴᠢᠯᠡᠭᠡᠨ ᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ 《 ᠨᠤᠷᠯᠢ》 ᠡᠮᠨᠡᠯᠭᠡ ᠶᠢᠨ 90 ᠣᠷᠣ ᠲᠠᠢ᠂ 6 ᠳᠠᠪᠬᠤᠷ ᠪᠠᠶᠢᠷᠢ ᠠᠰᠢᠭᠯᠠᠯᠲᠠ ᠳᠤ ᠣᠷᠣᠯ᠎ᠠ᠃ ᠲᠤᠰ ᠡᠮᠨᠡᠯᠭᠡ ᠨᠢ ᠠᠩᠬ᠎ᠠ 2008 ᠣᠨ ᠳᠤ ᠨᠢᠭᠡ ᠶᠡᠬᠡ ᠡᠮᠴᠢ ᠲᠡᠢ᠂ ᠳᠦᠷᠪᠡᠨ ᠬᠦᠮᠦᠨ ᠦ ᠪᠦᠷᠢᠯᠳᠦᠬᠦᠨ ᠲᠡᠢ ᠪᠡᠷ ᠦᠢᠯᠡ ᠠᠵᠢᠯᠯᠠᠭ᠎ᠠ ᠪᠠᠨ ᠡᠬᠢᠯᠡᠭᠦᠯᠵᠦ ᠪᠠᠶᠢᠴᠠᠢ᠃
ᠡᠭᠦᠨ ᠡᠴᠡ ᠬᠣᠶᠢᠰᠢ ᠡᠮᠨᠡᠯᠭᠡ ᠶᠢᠨ ᠬᠦᠴᠦᠨ ᠴᠢᠳᠠᠯ᠂ ᠦᠢᠯᠡ ᠠᠵᠢᠯᠯᠠᠭ᠎ᠠ ᠲᠣᠭᠲᠠᠮᠠᠯ ᠥᠷᠭᠡᠵᠢᠵᠦ 15 ᠶᠡᠬᠡ ᠡᠮᠴᠢ᠂ 15 ᠰᠤᠪᠢᠯᠠᠭᠴᠢ᠂ ᠨᠡᠶᠢᠲᠡ ᠳᠦ ᠪᠡᠨ 40 ᠭᠠᠷᠤᠢ ᠬᠦᠮᠦᠨ ᠠᠵᠢᠯᠯᠠᠳᠠᠭ ᠪᠣᠯᠤᠭᠰᠠᠨ ᠪᠠ ᠵᠢᠯ ᠳᠦ 2000-2500 ᠬᠦᠮᠦᠨ ᠳᠦ ᠦᠢᠯᠡᠴᠢᠯᠡᠭᠡ ᠦᠵᠡᠭᠦᠯᠵᠦ ᠪᠠᠢᠨ᠎ᠠ᠃ ᠬᠠᠷᠢᠨ 90 ᠣᠷᠣ ᠲᠠᠢ᠂ ᠣᠷᠴᠢᠨ ᠦᠶ᠎ᠡ ᠶᠢᠨ ᠡᠮᠨᠡᠯᠭᠡ ᠶᠢᠨ ᠲᠣᠨᠣᠭ ᠲᠥᠬᠥᠭᠡᠷᠦᠮᠵᠢ᠂ ᠪᠠᠭᠠᠵᠢ ᠬᠡᠷᠡᠭᠰᠡᠯ ᠦᠳ ᠢᠶᠡᠷ ᠲᠣᠨᠣᠭᠯᠠᠭᠰᠠᠨ ᠰᠢᠨ᠎ᠡ ᠪᠠᠷᠢᠯᠭ᠎ᠠ ᠠᠰᠢᠭᠯᠠᠯᠲᠠ ᠳᠤ ᠣᠷᠣᠭᠰᠠᠨ ᠢᠶᠠᠷ ᠵᠢᠯ ᠳᠦ 10 ᠮᠢᠩᠭ᠎ᠠ ᠭᠠᠷᠤᠢ ᠬᠦᠮᠦᠨ ᠳᠦ ᠦᠢᠯᠡᠴᠢᠯᠡᠬᠦ ᠪᠣᠯᠤᠮᠵᠢ ᠪᠥᠷᠢᠳᠴᠦ ᠪᠠᠶᠢᠭ᠎ᠠ ᠶᠤᠮ᠃