ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ 10 ᠳ᠋ᠤᠭᠠᠷ ᠰᠠᠷ᠎ᠠ ᠶᠢᠨ 11 ᠦ ᠡᠳᠦᠷ ᠲᠣᠬᠢᠶᠠᠪᠠ᠃ ᠡᠭᠦᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ᠬᠦᠷᠡᠯᠰᠦ᠋ᠬᠡ ᠂ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠤᠨ ᠶᠡᠷᠦᠩᠬᠡᠶᠢᠯᠡᠭᠴᠢ ᠷ∙ᠮᠠᠷᠺᠣᠰ᠂ ᠮᠣᠩᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ᠂ ᠪᠦᠭᠦᠳᠡ ᠨᠠᠶᠢᠷᠠᠮᠳᠠᠬᠤ ᠹᠢᠯᠢᠫᠢᠨ ᠤᠯᠤᠰ ᠤᠨ ᠭᠠᠳᠠᠭᠠᠳᠤ ᠬᠡᠷᠡᠭ ᠦᠨ ᠰᠠᠶᠢᠳ ᠠ᠊∙ᠮᠠᠨᠠᠯᠤ᠋ ᠨᠠᠷ ᠪᠠᠶᠠᠷ ᠤᠨ ᠵᠠᠬᠢᠳᠠᠯ ᠲᠤᠰ ᠲᠤᠰ ᠰᠤᠯᠢᠯᠴᠠᠪᠠ᠃
ᠵᠠᠬᠢᠳᠠᠯ ᠳᠤ ᠪᠠᠨ ᠬᠤᠶᠠᠷ ᠲᠠᠯ᠎ᠠ ᠥᠩᠭᠡᠷᠡᠭᠰᠡᠨ 50 ᠵᠢᠯ ᠦᠨ ᠬᠤᠭᠤᠴᠠᠭᠠᠨ ᠳᠤ ᠬᠤᠶᠠᠷ ᠤᠯᠤᠰ ᠤᠨ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠬᠠᠮᠲᠤ ᠶᠢᠨ ᠬᠦᠴᠦᠨ ᠴᠢᠷᠮᠠᠶᠢᠯᠲᠠ ᠪᠠᠷ ᠲᠣᠭᠲᠠᠪᠤᠷᠢᠲᠠᠢ ᠬᠥᠭᠵᠢᠵᠦ ᠢᠷᠡᠭᠰᠡᠨ ᠢ ᠲᠡᠮᠳᠡᠭᠯᠡᠭᠡᠳ ᠴᠠᠭᠠᠰᠢᠳᠠ ᠬᠣᠶᠠᠷ ᠲᠠᠯ᠎ᠠ ᠶᠢᠨ ᠬᠠᠮᠲᠤ ᠶᠢᠨ ᠠᠵᠢᠯᠯᠠᠭ᠎ᠠ ᠪᠠᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ᠂ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠪᠣᠯᠤᠨ ᠪᠠᠲᠤᠯᠠᠨ ᠬᠠᠮᠠᠭᠠᠯᠠᠬᠤ ᠵᠡᠷᠭᠡ ᠣᠯᠠᠨ ᠰᠠᠯᠪᠤᠷᠢ ᠳᠤ ᠥᠷᠭᠡᠵᠢᠨ ᠬᠥᠭᠵᠢᠨ᠎ᠡ ᠭᠡᠳᠡᠭ ᠲᠦ ᠢᠲᠡᠭᠡᠯ ᠲᠡᠢ ᠪᠠᠶᠢᠭ᠎ᠠ ᠪᠠᠨ ᠢᠯᠡᠷᠬᠡᠶᠢᠯᠡᠵᠡᠢ᠃