ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠦ ᠪᠦᠭᠦᠳᠡ ᠨᠠᠶᠢᠷᠠᠮᠳᠠᠬᠤ ᠹᠷᠠᠨᠼᠢ ᠤᠯᠤᠰ ᠤᠨ ᠰᠧᠨᠠᠲ ᠤᠨ ᠲᠠᠩᠬᠢᠮ ᠤᠨ ᠶᠡᠷᠦᠩᠬᠡᠶᠢᠯᠡᠭᠴᠢ ᠵᠧᠷᠠᠷ ᠯᠠᠷᠱᠧ 11 ᠳᠦ ᠪᠠᠷᠠᠭᠠᠯᠬᠠᠪᠠ᠃ ᠤ᠊∙ᠬᠦᠷᠡᠯᠰᠦ᠋ᠬᠡ ᠰᠠᠶ᠋ᠢᠬᠠᠨ ᠪᠣᠯᠤᠭᠰᠠᠨ ᠫᠠᠷᠯᠠᠮᠧᠨᠲ ᠤᠨ ᠰᠣᠩᠭᠣᠭᠤᠯᠢ ᠳᠤ ᠢᠯᠠᠯᠲᠠ ᠪᠠᠶᠢᠭᠤᠯᠤᠨ ᠰᠧᠨᠠᠲ ᠤᠨ ᠶᠡᠷᠦᠩᠬᠡᠶᠢᠯᠡᠭᠴᠢ ᠪᠡᠷ ᠳᠠᠬᠢᠨ ᠰᠣᠩᠭᠣᠭᠳᠠᠭᠰᠠᠨ ᠵᠧᠷᠠᠷ ᠯᠠᠷᠱᠧ ᠳᠤ ᠪᠠᠶᠠᠷ ᠬᠦᠷᠭᠡᠵᠦ᠂ ᠮᠣᠩᠭᠣᠯ᠂ ᠹᠷᠠᠨᠼᠢ ᠶᠢᠨ ᠬᠠᠷᠢᠯᠴᠠᠭ᠎ᠠ ᠥᠷᠭᠡᠵᠢᠨ ᠬᠥᠭᠵᠢᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠤᠢ ᠪᠠᠨ ᠢᠯᠡᠷᠬᠡᠶᠢᠯᠡᠯ᠎ᠡ᠃
ᠰᠧᠨᠠᠲ ᠤᠨ ᠲᠠᠩᠬᠢᠮ ᠤᠨ ᠶᠡᠷᠦᠩᠬᠡᠶᠢᠯᠡᠭᠴᠢ ᠵᠧᠷᠠᠷ ᠯᠠᠷᠱᠧ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠹᠷᠠᠨᠼᠢ ᠤᠯᠤᠰ ᠲᠤ ᠬᠢᠵᠦ ᠪᠤᠢ ᠲᠥᠷᠥ ᠶᠢᠨ ᠠᠶᠢᠯᠴᠢᠯᠠᠯ ᠳᠤ ᠠᠮᠵᠢᠯᠲᠠ ᠬᠦᠰᠡᠯ᠎ᠡ᠃ ᠬᠣᠶᠠᠷ ᠤᠯᠤᠰ ᠤᠨ ᠫᠠᠷᠯᠠᠮᠧᠨᠲ ᠳᠠᠬᠢ ᠨᠠᠶᠢᠷᠠᠮᠳᠠᠯ ᠤᠨ ᠪᠦᠯᠦᠭ ᠦᠨ ᠬᠠᠮᠲᠤ ᠶᠢᠨ ᠠᠵᠢᠯᠯᠠᠭᠠᠨ ᠳᠤ ᠲᠡᠳᠦᠢ ᠦᠭᠡᠢ ᠮᠣᠩᠭᠣᠯ᠂ ᠹᠷᠠᠨᠼᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠦᠢᠯᠡᠰ ᠲᠦ ᠳᠡᠮᠵᠢᠯᠭᠡ ᠦᠵᠡᠭᠦᠯᠦᠨ ᠠᠵᠢᠯᠯᠠᠬᠤ ᠪᠠᠨ ᠲᠡᠷᠡ ᠢᠯᠡᠷᠬᠡᠶᠢᠯᠡᠪᠡ᠃