ᠮᠣᠩᠭᠣᠯ ᠪᠠᠩᠬᠢ ᠶᠢᠰᠦᠳᠦᠭᠡᠷ ᠰᠠᠷ᠎ᠠ ᠳᠤ 2.9 ᠲᠣᠨ ᠦᠨᠡᠲᠦ ᠮᠧᠲ᠋ᠠᠯ ᠬᠤᠳᠠᠯᠳᠤᠨ ᠠᠪᠤᠭᠰᠠᠨ ᠪᠠᠶᠢᠨ᠎ᠠ᠃ ᠢᠩᠭᠢᠭᠰᠡᠨ ᠢᠶᠡᠷ ᠣᠨ ᠤ ᠡᠬᠢᠨ ᠡᠴᠡ ᠨᠠᠰᠢ ᠬᠤᠳᠠᠯᠳᠤᠨ ᠠᠪᠤᠭᠰᠠᠨ ᠦᠨᠡᠲᠦ ᠮᠧᠲ᠋ᠠᠯ ᠤᠨ ᠬᠡᠮᠵᠢᠶ᠎ᠡ 13.2 ᠲᠣᠨ ᠬᠦᠷᠪᠡ᠃ ᠬᠡᠳᠦᠢ ᠲᠡᠶᠢᠮᠦ ᠪᠣᠯᠪᠠᠴᠤ ᠡᠨᠡ ᠨᠢ ᠡᠮᠦᠨᠡᠬᠢ ᠣᠨ ᠤ ᠮᠥᠨ ᠦᠶ᠎ᠡ ᠡᠴᠡ11.8 ᠬᠤᠪᠢ ᠪᠠᠷ ᠪᠠᠭᠤᠷᠠᠭᠰᠠᠨ ᠦᠵᠡᠭᠦᠯᠦᠯᠲᠡ ᠪᠣᠯᠵᠤ ᠪᠠᠶᠢᠨ᠎ᠠ᠃
ᠶᠢᠰᠦᠳᠦᠭᠡᠷ ᠰᠠᠷ᠎ᠠ ᠳᠤ ᠮᠣᠩᠭᠣᠯ ᠪᠠᠩᠭᠢᠨ ᠤ ᠠᠯᠲᠠ ᠬᠤᠳᠠᠯᠳᠤᠨ ᠠᠪᠬᠤ ᠳᠤᠮᠳᠠᠴᠢ ᠦᠨ᠎ᠡ 213 ᠮᠢᠩᠭ᠎ᠠ 818 ᠲᠥᠭᠦᠷᠢᠭ ᠪᠠᠶᠢᠭᠰᠠᠨ ᠪᠠᠶᠢᠨ᠎ᠠ᠃ ᠦᠨᠡᠲᠦ ᠮᠧᠲ᠋ᠠᠯ ᠬᠤᠳᠠᠯᠳᠤᠨ ᠠᠪᠬᠤ ᠦᠨ᠎ᠡ ᠶᠢ ᠳᠡᠯᠡᠬᠡᠢ ᠶᠢᠨ ᠵᠠᠬ᠎ᠠ ᠵᠡᠭᠡᠯᠢ ᠳ᠋ᠡᠬᠢ ᠦᠨ᠎ᠡ ᠪᠡᠷ ᠲᠣᠭᠲᠠᠭᠠᠳᠠᠭ᠃ ᠣᠨ ᠤ ᠡᠴᠦᠰ ᠲᠦ ᠮᠣᠩᠭᠣᠯ ᠪᠠᠩᠬᠢ 20 ᠲᠣᠨ ᠠᠯᠲᠠ ᠬᠤᠳᠠᠯᠳᠤᠨ ᠠᠪᠬᠤ ᠲᠥᠰᠥᠭᠡᠯᠡᠯ ᠲᠡᠢ ᠪᠠᠶᠢᠭ᠎ᠠ ᠪᠣᠯ 2024 ᠣᠨ ᠤ ᠤᠯᠤᠰ ᠤᠨ ᠲᠥᠰᠥᠪ ᠲᠦ ᠮᠥᠨ ᠯᠠ 20 ᠲᠣᠨ ᠢ ᠡᠺᠰᠫᠣᠷᠲᠯᠠᠬᠤ ᠪᠠᠷ ᠲᠤᠰᠬᠠᠵᠠᠢ᠃