ᠴᠤᠭᠲᠤᠴᠠᠴᠠᠢ ᠶᠢ ᠠᠶᠤᠯᠲᠠᠢ ᠠᠴᠢᠶᠠᠨ ᠳᠤ ᠨᠡᠭᠡᠭᠡᠯᠲᠡ ᠲᠡᠢ ᠥᠷᠲᠡᠭᠡ ᠪᠡᠷ ᠵᠠᠷᠯᠠᠵᠠᠢ | News.MN

ᠴᠤᠭᠲᠤᠴᠠᠴᠠᠢ ᠶᠢ ᠠᠶᠤᠯᠲᠠᠢ ᠠᠴᠢᠶᠠᠨ ᠳᠤ ᠨᠡᠭᠡᠭᠡᠯᠲᠡ ᠲᠡᠢ ᠥᠷᠲᠡᠭᠡ ᠪᠡᠷ ᠵᠠᠷᠯᠠᠵᠠᠢ

ᠵᠠᠮ᠂ ᠲᠡᠭᠡᠭᠡᠪᠦᠷᠢ ᠶᠢᠨ ᠬᠥᠭᠵᠢᠯ ᠦᠨ ᠰᠠᠶᠢᠳ᠂ ᠲᠠᠩᠨᠠᠭᠤᠯ ᠤᠨ ᠶᠡᠷᠦᠩᠬᠡᠢ ᠭᠠᠵᠠᠷ ᠤᠨ ᠳᠠᠷᠤᠭ᠎ᠠ ᠶᠢᠨ 2021 ᠣᠨ ᠤ ᠲᠠᠪᠤᠳᠤᠭᠠᠷ ᠰᠠᠷ᠎ᠠ ᠶᠢᠨ 17  ᠤ ᠡᠳᠦᠷ ᠦᠨ ᠠ/71 ᠳ᠋ᠤᠭᠡᠷ ᠬᠠᠮᠲᠤᠷᠠᠭᠰᠠᠨ ᠲᠤᠰᠢᠶᠠᠯ ᠤᠨ ᠬᠠᠪᠰᠤᠷᠤᠯᠲᠠ 《ᠲᠡᠮᠦᠷ ᠵᠠᠮ ᠢᠶᠠᠷ ᠠᠶᠤᠯ ᠲᠠᠢ ᠠᠴᠢᠶ᠎ᠠ ᠲᠡᠭᠡᠭᠡᠪᠦᠷᠢᠯᠡᠬᠦ᠂ ᠠᠴᠢᠵᠤ ᠪᠠᠭᠤᠯᠭᠠᠬᠤ᠂ ᠬᠠᠳᠠᠭᠠᠯᠠᠬᠤ》 ᠵᠢᠷᠤᠮ ᠳᠤ ᠵᠢᠭᠠᠭᠰᠠᠨ ᠤ ᠳᠠᠭᠠᠤ ᠲᠠᠪᠤᠨᠲᠣᠯᠣᠭᠠᠢ ᠶᠢᠨ ᠴᠤᠭᠲᠤᠴᠠᠴᠠᠢ  ᠶᠢ ᠠᠶᠤᠯ ᠲᠠᠢ ᠠᠴᠢᠶᠠᠨ ᠳᠤ ᠨᠡᠭᠡᠭᠡᠯᠲᠡ ᠲᠡᠢ ᠥᠷᠲᠡᠭᠡ ᠪᠡᠷ ᠵᠠᠷᠯᠠᠵᠠᠢ᠃

ᠳᠡᠭᠡᠷᠡᠬᠢ ᠵᠢᠷᠤᠮ ᠤᠨ 3.3.1 ᠳᠦ᠄︽ᠲᠡᠮᠦᠷ ᠵᠠᠮ ᠤᠨ ᠪᠠᠶᠢᠭᠤᠯᠤᠯᠭ᠎ᠠ ᠨᠢ ᠣᠷᠣᠨ ᠨᠤᠲᠤᠭ ᠤᠨ ᠬᠠᠷᠢᠯᠴᠠᠭᠠᠨ ᠳᠤ ᠲᠡᠮᠦᠷ ᠵᠠᠮ ᠤᠨ ᠥᠷᠲᠡᠭᠡ ᠶᠢ ᠠᠶᠤᠯ ᠲᠠᠢ ᠠᠴᠢᠶ᠎ᠠ ᠠᠴᠢᠵᠤ ᠪᠠᠭᠤᠯᠭᠠᠬᠤ ᠠᠵᠢᠯᠯᠠᠭᠠᠨ ᠳᠤ ᠨᠡᠭᠡᠭᠡᠬᠦ ᠳᠦ ᠬᠢᠮᠢ ᠶᠢᠨ ᠬᠣᠣᠷᠲᠤ ᠪᠣᠯᠤᠨ ᠠᠶᠤᠯ ᠲᠠᠢ ᠪᠣᠳᠠᠰ ᠢ  ᠭᠠᠳᠠᠭᠠᠳᠤ ᠠᠴᠠ ᠤᠷᠤᠭᠤᠯᠬᠤ᠂ ᠠᠰᠢᠭᠯᠠᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠥᠪᠰᠢᠶᠡᠷᠡᠯ ᠪᠦᠬᠦᠢ ᠵᠠᠮ ᠲᠠᠯᠠᠪᠠᠢ ᠡᠵᠡᠮᠰᠢᠭᠴᠢ ᠶᠢᠨ ᠬᠦᠰᠡᠯᠲᠡ ᠶᠢ ᠦᠨᠳᠦᠰᠦᠯᠡᠨ ᠨᠤᠲᠤᠭ ᠤᠨ ᠵᠠᠬᠢᠷᠭᠠᠨ ᠤ ᠪᠠᠶᠢᠭᠤᠯᠤᠯᠭ᠎ᠠ ᠲᠠᠢ ᠵᠥᠪᠰᠢᠯᠴᠡᠨ ᠲᠣᠭᠲᠠᠭᠠᠵᠤ᠂ ᠣᠯᠠᠨ ᠨᠡᠶᠢᠲᠡ ᠳᠦ ᠵᠠᠷᠯᠠᠨ᠎ᠠ》 ᠭᠡᠵᠦ ᠵᠢᠭᠠᠭᠰᠠᠨ ᠪᠠᠶᠢᠳᠠᠭ ᠠᠵᠠᠢ᠃

ᠰᠡᠳᠬᠢᠭᠳᠡᠯ ᠦᠯᠡᠳᠡᠭᠡᠬᠦ