ᠣᠷᠣᠰ ᠤᠨ ᠺᠣᠮᠫᠠᠨᠢ  ᠭᠠᠬᠠᠢ ᠶᠢᠨ ᠠᠵᠤ ᠠᠬᠤᠢ ᠪᠠᠶᠢᠭᠤᠯᠤᠨ᠎ᠠ | News.MN

ᠣᠷᠣᠰ ᠤᠨ ᠺᠣᠮᠫᠠᠨᠢ  ᠭᠠᠬᠠᠢ ᠶᠢᠨ ᠠᠵᠤ ᠠᠬᠤᠢ ᠪᠠᠶᠢᠭᠤᠯᠤᠨ᠎ᠠ

ᠣᠷᠣᠰ ᠤᠨ ᠬᠥᠳᠡᠭᠡ ᠠᠵᠤ ᠠᠬᠤᠢ ᠶᠢᠨ 《ᠰᠢᠪᠠᠭ᠍ᠷᠤ᠋》 ᠺᠣᠮᠫᠠᠨᠢ ᠮᠣᠩᠭᠣᠯ ᠳᠤ ᠭᠠᠬᠠᠢ ᠶᠢᠨ ᠠᠵᠤ ᠠᠬᠤᠢ ᠪᠠᠶᠢᠭᠤᠯᠬᠤ ᠪᠠᠷ ᠬᠥᠷᠥᠩᠭᠡ ᠣᠷᠣᠭᠤᠯᠤᠯᠲᠠ ᠶᠢᠨ ᠭᠡᠷ᠎ᠡ ᠳᠦ ᠭᠠᠷ ᠤᠨ ᠦᠰᠦᠭ ᠵᠢᠷᠤᠭᠰᠠᠨ ᠬᠡᠮᠡᠨ ᠭᠠᠬᠠᠢ ᠶᠢᠨ ᠮᠢᠬᠠᠨ ᠤ ᠵᠠᠬ᠎ᠠ ᠵᠡᠭᠡᠯᠢ᠂ ᠦᠢᠯᠡᠳᠪᠦᠷᠢᠯᠡᠯ᠂ ᠠᠵᠤ ᠠᠬᠤᠢ ᠶᠢᠨ ᠰᠡᠳᠦᠪ ᠢᠶᠡᠷ ᠳᠠᠩᠨᠠᠨ ᠪᠢᠴᠢᠳᠡᠭ pigprogress.net ᠰᠠᠶᠢᠲ ᠥᠨᠥᠳᠥᠷ ᠮᠡᠳᠡᠭᠡᠯᠡᠪᠡ᠃《ᠰᠢᠪᠠᠭ᠍ᠷᠤ᠋》ᠺᠣᠮᠫᠠᠨᠢ ᠨᠢ ᠭᠠᠬᠠᠢ ᠶᠢᠨ ᠮᠢᠬᠠᠨ ᠤ ᠦᠢᠯᠡᠳᠪᠦᠷᠢᠯᠡᠯ ᠦᠨ ᠢᠶᠡᠨ ᠬᠡᠮᠵᠢᠶ᠎ᠡ ᠪᠡᠷ ᠣᠷᠣᠰ ᠲᠤ ᠬᠣᠶᠠᠳᠤᠭᠠᠷ ᠲᠤ ᠣᠷᠣᠳᠠᠭ ᠪᠥᠭᠡᠳ ᠭᠠᠬᠠᠢ ᠶᠢᠨ ᠨᠠᠢ᠌ᠮᠠᠨ ᠴᠣᠭᠴᠠᠯᠠᠪᠤᠷᠢ ᠠᠵᠤ ᠠᠬᠤᠢ᠂ ᠮᠢᠬ᠎ᠠ ᠪᠣᠯᠪᠠᠰᠤᠷᠠᠭᠤᠯᠬᠤ ᠭᠤᠷᠪᠠᠨ ᠦᠢᠯᠡᠳᠪᠦᠷᠢ ᠲᠡᠢ᠂ ᠲᠡᠳᠡᠭᠡᠷ ᠲᠦ 14 ᠮᠢᠩᠭᠠᠨ ᠬᠦᠮᠦᠨ ᠠᠵᠢᠯᠯᠠᠳᠠᠭ ᠪᠠᠶᠢᠨ᠎ᠠ᠃
ᠺᠣᠮᠫᠠᠨᠢ ᠪᠤᠷᠢᠶᠠᠳ ᠤᠯᠤᠰ ᠳᠠᠬᠢ ᠹᠧᠷᠮ ᠡᠴᠡ ᠪᠡᠨ ᠮᠣᠩᠭᠣᠯ ᠳᠤ ᠲᠥᠯ ᠭᠠᠬᠠᠢ ᠠᠪᠴᠢᠷᠠᠵᠤ ᠦᠷᠡᠵᠢᠭᠦᠯᠦᠨ ᠵᠢᠯ ᠳᠦ ᠪᠡᠨ 18 ᠮᠢᠩᠭᠠᠨ ᠲᠣᠨ ᠮᠢᠬ᠎ᠠ ᠦᠢᠯᠡᠳᠪᠦᠷᠢᠯᠡᠬᠦ ᠲᠥᠯᠥᠪᠯᠡᠭᠡ ᠲᠡᠢ ᠪᠠᠶᠢᠭ᠎ᠠ ᠶᠤᠮ᠃  ᠮᠦᠨ ᠲᠡᠳᠡ ᠮᠣᠩᠭᠣᠯ ᠤᠨ ᠵᠠᠬ᠎ᠠ ᠵᠡᠭᠡᠯᠢ ᠪᠡᠷ ᠳᠠᠮᠵᠢᠨ ᠬᠢᠲᠠᠳ ᠪᠣᠯᠤᠨ ᠵᠡᠭᠦᠨ ᠡᠮᠦᠨᠡᠲᠦ ᠠᠽᠢᠶ᠎ᠠ ᠶᠢᠨ ᠣᠷᠣᠨ ᠨᠤᠭᠤᠳ ᠤᠨ ᠵᠠᠬ᠎ᠠ ᠵᠡᠭᠡᠯᠢ ᠳᠦ ᠨᠡᠪᠲᠡᠷᠡᠬᠦ ᠵᠣᠷᠢᠯᠭ᠎ᠠ ᠲᠠᠢ ᠃

ᠰᠡᠳᠬᠢᠭᠳᠡᠯ ᠦᠯᠡᠳᠡᠭᠡᠬᠦ