ᠡᠷᠡᠭᠦᠦ ᠶᠢᠨ ᠪᠣᠯᠤᠨ ᠬᠡᠦᠬᠡᠳ ᠬᠠᠮᠠᠭᠠᠯᠠᠯ ᠤᠨ ᠲᠤᠬᠠᠢ ᠬᠠᠤᠯᠢ ᠶᠢᠨ ᠲᠥᠰᠥᠯ ᠢ ᠬᠡᠯᠡᠯᠴᠡᠨ᠎ᠡ | News.MN

ᠡᠷᠡᠭᠦᠦ ᠶᠢᠨ ᠪᠣᠯᠤᠨ ᠬᠡᠦᠬᠡᠳ ᠬᠠᠮᠠᠭᠠᠯᠠᠯ ᠤᠨ ᠲᠤᠬᠠᠢ ᠬᠠᠤᠯᠢ ᠶᠢᠨ ᠲᠥᠰᠥᠯ ᠢ ᠬᠡᠯᠡᠯᠴᠡᠨ᠎ᠡ

ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ︽ᠡᠷᠡᠭᠦᠦ ᠶᠢᠨ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ︾ᠬᠠᠤᠯᠢ ᠶᠢᠨ ᠲᠥᠰᠦᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠦᠯ  ᠪᠣᠯᠤᠨ︽ ᠬᠡᠦᠬᠡᠳ ᠬᠠᠮᠠᠭᠠᠯᠠᠯ ᠤᠨ ᠲᠤᠬᠠᠢ︾ ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠦᠯ ᠪᠣᠯᠤᠨ ᠬᠠᠮᠲᠤ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠦᠯ ᠦᠳ ᠢ ᠬᠡᠯᠡᠯᠴᠡᠬᠦ ᠪᠡᠷ ᠲᠣᠪᠯᠠᠭᠰᠠᠨ ᠪᠠᠶᠢᠨ᠎ᠠ᠃
ᠬᠠᠤᠯᠢ ᠶᠢᠨ ᠲᠥᠰᠥᠯ ᠳᠦ ᠡᠷᠡᠭᠦᠦ ᠶᠢᠨ ᠬᠠᠤᠯᠢ ᠳᠤ ᠪᠠᠶᠢᠭ᠎ᠠ ᠨᠠᠰᠤᠨ ᠤ ᠬᠢᠵᠠᠭᠠᠷ 14 ᠪᠠᠶᠢᠭᠰᠠᠨ ᠢ 16 ᠨᠠᠰᠤ ᠪᠣᠯᠵᠤ ᠨᠡᠮᠡᠭᠳᠡᠭᠦᠯᠬᠦ ᠪᠡᠷ  ᠲᠤᠰᠬᠠᠵᠠᠢ᠃ ᠥᠭᠡᠷ᠎ᠡ ᠪᠡᠷ ᠬᠡᠯᠡᠪᠡᠯ᠂ 14-16 ᠨᠠᠰᠤᠨ ᠤ ᠬᠡᠦᠬᠡᠳ ᠦᠳ ᠦᠨ ᠡᠰᠡᠷᠭᠦ ᠦᠢᠯᠡᠳᠦᠭᠳᠡᠵᠦ ᠪᠠᠶᠢᠭ᠎ᠠ ᠭᠡᠮᠲᠦ ᠬᠡᠷᠡᠭ ᠦᠨ ᠶᠠᠯ᠎ᠠ ᠶᠢᠨ ᠪᠣᠳᠣᠯᠭ᠎ᠠ ᠴᠢᠩᠭᠠᠷᠠᠬᠤ ᠶᠤᠮ᠃ ᠬᠡᠤᠬᠡᠳ ᠲᠠᠢ ᠬᠤᠷᠢᠴᠠᠯ ᠦᠢᠯᠡᠳᠦᠭᠰᠡᠨ ᠦᠢᠯᠡᠳᠦᠯ ᠢ ᠬᠦᠨᠳᠦ ᠭᠡᠮᠲᠦ ᠬᠡᠷᠡᠭ ᠦᠨ ᠠᠩᠭᠢᠯᠠᠯ ᠳᠤ ᠣᠷᠣᠭᠤᠯᠵᠤ᠂ ᠶᠠᠯ᠎ᠠ ᠶᠢ 1-5 ᠵᠢᠯ ᠪᠠᠶᠢᠭᠰᠠᠨ ᠢ 2-8 ᠵᠢᠯ ᠪᠣᠯᠭᠠᠵᠤ᠂ ᠨᠠᠰᠤᠨ ᠤ ᠠᠩᠭᠢᠯᠠᠯ ᠢ 0-14᠂ 14-16᠂ 16-18 ᠭᠡᠰᠡᠨ ᠠᠩᠭᠢᠯᠠᠯ ᠢᠶᠠᠷ ᠵᠠᠭᠠᠭᠯᠠᠯ᠎ᠠ᠃ ᠪᠠᠭ᠎ᠠ ᠨᠠᠰᠤᠨ ᠤ ᠬᠡᠦᠬᠡᠳ ᠲᠡᠢ ᠪᠡᠯᠭᠡ ᠶᠢᠨ ᠬᠠᠷᠢᠴᠠᠭᠠᠨ ᠳᠤ ᠣᠷᠣᠭᠰᠠᠨ ᠦᠢᠯᠡᠳᠦᠯ ᠢ ᠥᠪᠡᠷ ᠢᠶᠡᠨ ᠵᠥᠪᠰᠢᠶᠡᠷᠡᠭᠰᠡᠨ᠂ ᠬᠦᠴᠦ ᠬᠡᠷᠡᠭᠯᠡᠭᠡ ᠦᠭᠡᠢ ᠪᠠᠶᠢᠭᠰᠠᠨ ᠠᠴᠠ ᠦᠯᠦ ᠬᠠᠮᠢᠶᠠᠷᠴᠤ᠂ ᠬᠦᠴᠦᠨᠳᠦᠬᠦ ᠭᠡᠮᠲᠦ ᠬᠡᠷᠡᠭ ᠲᠦ ᠲᠣᠭᠠᠴᠠᠳᠠᠭ ᠶᠤᠮ᠃

ᠰᠡᠳᠬᠢᠭᠳᠡᠯ ᠦᠯᠡᠳᠡᠭᠡᠬᠦ