ᠮᠣᠩᠭᠣᠯ᠂ ᠧᠦᠢᠷᠣᠫᠠ ᠶᠢᠨ ᠫᠠᠷᠯᠠᠮᠧᠨᠲ ᠬᠣᠭᠣᠷᠣᠨᠳᠣ ᠶᠢᠨ ᠵᠥᠪᠯᠡᠯᠳᠦᠬᠦ ᠠᠭᠤᠯᠵᠠᠯᠲᠠ ᠪᠣᠯᠤᠨ᠎ᠠ | News.MN

ᠮᠣᠩᠭᠣᠯ᠂ ᠧᠦᠢᠷᠣᠫᠠ ᠶᠢᠨ ᠫᠠᠷᠯᠠᠮᠧᠨᠲ ᠬᠣᠭᠣᠷᠣᠨᠳᠣ ᠶᠢᠨ ᠵᠥᠪᠯᠡᠯᠳᠦᠬᠦ ᠠᠭᠤᠯᠵᠠᠯᠲᠠ ᠪᠣᠯᠤᠨ᠎ᠠ

ᠮᠣᠩᠭᠣᠯ ᠤᠯᠤᠰ ᠤᠨ ᠶᠡᠬᠡ ᠬᠤᠷᠠᠯ᠂ ᠧᠦ᠋ᠷᠣᠫᠠ ᠶᠢᠨ ᠫᠠᠷᠯᠠᠮᠧᠨᠲ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ 16 ᠳ᠋ᠤᠭᠠᠷ ᠠᠭᠤᠯᠵᠠᠯᠲᠠ  10 ᠳ᠋ᠤᠭᠠᠷ ᠰᠠᠷ᠎ᠠ ᠶᠢᠨ 30-31  ᠤ ᠡᠳᠦᠷ ᠦᠳ ᠲᠦ ᠤᠯᠠᠭᠠᠨᠪᠠᠭᠠᠲᠤᠷ ᠬᠤᠲᠠ ᠳᠤ ᠵᠣᠬᠢᠶᠠᠨ ᠪᠠᠢᠭᠤᠯᠤᠭᠳᠠᠨ᠎ᠠ᠃
ᠡᠨᠡ ᠬᠦ ᠠᠭᠤᠯᠵᠠᠯᠲᠠ ᠨᠢ ᠮᠣᠩᠭᠣᠯ ᠤᠯᠤᠰ᠂ ᠧᠦ᠋ᠷᠣᠫᠠ ᠶᠢᠨ ᠬᠣᠯᠪᠣᠭ᠎ᠠ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ  ᠭᠦᠨᠵᠡᠭᠡᠢᠷᠡᠭᠦᠯᠬᠦ᠂ ᠬᠤᠶᠠᠷ ᠲᠠᠯ᠎ᠠ ᠶᠢᠨ ᠳᠡᠭᠡᠳᠦ᠂ ᠥᠨᠳᠥᠷ ᠲᠦᠪᠰᠢᠨ ᠦ ᠤᠯᠤᠰ ᠲᠦᠷᠦ ᠶᠢᠨ ᠶᠠᠷᠢᠶ᠎ᠠ ᠬᠡᠯᠡᠯᠴᠡᠭᠡᠷ ᠦᠨ ᠳᠠᠪᠲᠠᠮᠵᠢ ᠶᠢ ᠬᠠᠳᠠᠭᠠᠯᠠᠬᠤ ᠵᠤᠷᠢᠯᠭ᠎ᠠ ᠪᠠᠷ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠤᠭᠳᠠᠳᠠᠭ᠃

ᠬᠤᠶᠠᠷ ᠲᠠᠯ᠎ᠠ ᠶᠢᠨ ᠬᠠᠤᠯᠢ ᠲᠣᠭᠲᠠᠭᠠᠬᠤ ᠪᠠᠢᠭᠤᠯᠤᠯᠭ᠎ᠠ ᠬᠣᠭᠣᠷᠣᠨᠳᠣ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠪᠡᠬᠢᠵᠢᠭᠦᠯᠬᠦ᠂ ᠲᠦᠩᠰᠢᠯᠡᠯ᠂ ᠬᠠᠮᠲᠤ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ᠂ ᠧᠦ᠋ᠷᠣᠫᠠ ᠶᠢᠨ ᠬᠤᠯᠪᠤᠭ᠎ᠠ ᠲᠠᠢ ᠬᠤᠳᠠᠯᠳᠤᠭ᠎ᠠ᠂  ᠡᠳ᠋ ᠦᠨ ᠵᠠᠰᠠᠭ ᠤᠨ ᠬᠠᠷᠢᠯᠴᠠᠭ᠎ᠠ ᠶᠢ ᠤᠯᠠᠮ ᠥᠷᠭᠡᠵᠢᠭᠦᠯᠬᠦ ᠵᠡᠷᠭᠡ ᠳᠦ ᠵᠣᠬᠢᠬᠤ ᠳᠡᠮᠵᠢᠯᠭᠡ ᠦᠵᠡᠭᠦᠯᠬᠦ ᠶᠢᠨ ᠵᠡᠷᠭᠡᠴᠡᠭᠡ ᠴᠢᠨᠠᠭᠰᠢᠳᠠ ᠬᠤᠶᠠᠷ  ᠲᠠᠯ᠎ᠠ ᠶᠢᠨ ᠬᠠᠮᠲᠤ ᠶᠢᠨ ᠠᠵᠢᠯᠯᠠᠭ᠎ᠠ ᠶᠢ ᠰᠢᠨ᠎ᠡ ᠲᠥᠪᠰᠢᠨ ᠳᠦ ᠭᠠᠷᠭᠠᠬᠤ ᠳᠤ ᠲᠦᠯᠬᠢᠴᠡ ᠦᠵᠡᠭᠦᠯᠬᠦ ᠵᠤᠷᠢᠯᠭ᠎ᠠ ᠲᠠᠢ ᠶᠤᠮ ᠬᠡᠮᠡᠨ ᠤᠯᠤᠰ ᠤᠨ ᠶᠡᠬᠡ ᠬᠤᠷᠠᠯ ᠤᠨ ᠬᠡᠪᠯᠡᠯ ᠮᠡᠳᠡᠭᠡᠯᠡᠯ᠂ ᠣᠯᠠᠨ ᠨᠡᠶᠢᠲᠡ ᠲᠡᠢ ᠬᠠᠷᠢᠯᠴᠠᠬᠤ ᠭᠠᠵᠠᠷ ᠠᠴᠠ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ