ᠮᠣᠩᠭᠣᠯ᠂ ᠺᠠᠲ᠋ᠠᠷ ᠤᠨ ᠲᠠᠮᠢᠷᠴᠢᠳ ᠬᠠᠮᠲᠤᠷᠠᠭᠰᠠᠨ ᠪᠡᠯᠡᠳᠬᠡᠯ ᠬᠢᠯᠭᠡᠬᠦ ᠲᠠᠯ᠎ᠠ ᠪᠠᠷ ᠬᠡᠯᠡᠯᠴᠡᠵᠡᠢ | News.MN

ᠮᠣᠩᠭᠣᠯ᠂ ᠺᠠᠲ᠋ᠠᠷ ᠤᠨ ᠲᠠᠮᠢᠷᠴᠢᠳ ᠬᠠᠮᠲᠤᠷᠠᠭᠰᠠᠨ ᠪᠡᠯᠡᠳᠬᠡᠯ ᠬᠢᠯᠭᠡᠬᠦ ᠲᠠᠯ᠎ᠠ ᠪᠠᠷ ᠬᠡᠯᠡᠯᠴᠡᠵᠡᠢ

ᠺᠠᠲ᠋ᠠᠷ ᠤᠯᠤᠰ ᠲᠤ ᠰᠠᠭᠤᠭ᠎ᠠ ᠡᠯᠴᠢᠨ ᠰᠠᠶᠢᠳ ᠫ ∙ ᠰᠡᠷᠭᠦᠯᠡᠩ ᠲᠤᠰ ᠤᠯᠤᠰ ᠤᠨ ᠣᠯᠢᠮᠫ ᠤᠨ ᠬᠣᠷᠢᠶᠠᠨ ᠤ ᠶᠡᠷᠦᠩᠬᠡᠶᠢᠯᠡᠭᠴᠢ ᠶᠢᠨ ᠠᠵᠢᠯ ᠤᠨ ᠠᠯᠪᠠᠨ ᠤ ᠳᠠᠷᠤᠭ᠎ᠠ ᠰᠠᠢᠳᠢ ᠠᠯᠢ ᠢᠳᠠ ᠲᠠᠢ ᠠᠭᠤᠯᠵᠠᠵᠤ ᠮᠣᠩᠭᠣᠯ᠂ ᠺᠠᠲ᠋ᠠᠷ ᠤᠨ ᠦᠨᠳᠦᠰᠦᠨ ᠦ ᠣᠯᠢᠮᠫ ᠤᠨ ᠬᠣᠷᠢᠶ᠎ᠠ  ᠬᠣᠭᠣᠷᠣᠨᠳᠣ ᠬᠠᠮᠲᠤᠷᠠᠨ ᠠᠵᠢᠯᠯᠠᠬᠤ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ ᠪᠠᠶᠢᠭᠤᠯᠬᠤ᠂ ᠲᠠᠮᠢᠷᠴᠢᠳ ᠤᠨ ᠬᠠᠮᠲᠤᠷᠠᠭᠰᠠᠨ ᠪᠡᠯᠡᠳᠬᠡᠯ ᠬᠢᠯᠭᠡᠬᠦ᠂ ᠲᠤᠷᠰᠢᠯᠭ᠎ᠠ ᠰᠤᠯᠢᠯᠴᠠᠬᠤ ᠲᠤᠬᠠᠢ ᠬᠡᠯᠡᠯᠴᠡᠵᠡᠢ᠃

ᠮᠦᠨ ᠥᠩᠭᠡᠷᠡᠭᠴᠢ ᠭᠤᠷᠪᠠᠳᠤᠭᠠᠷ ᠰᠠᠷ᠎ᠠ ᠳᠤ ᠳ᠋ᠤᠾᠠ ᠬᠤᠲᠠ ᠳᠤ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙  ᠰᠤᠳᠤᠪᠠᠭᠠᠲᠤᠷ᠂ ᠺᠠᠲ᠋ᠠᠷ ᠤᠨ ᠣᠯᠢᠮᠫ ᠤᠨ ᠬᠣᠷᠢᠶᠠᠨ ᠤ  ᠬᠢᠨ ᠲᠠᠢ ᠠᠭᠤᠯᠵᠠᠵᠤ ᠲᠣᠬᠢᠷᠠᠯᠴᠠᠭᠰᠠᠨ ᠮᠣᠩᠭᠣᠯ ᠳᠤ ᠰᠫᠣᠷᠲ ᠤᠨ ᠪᠡᠯᠡᠳᠬᠡᠯ ᠦᠨ ᠲᠥᠪ ᠪᠠᠷᠢᠬᠤ ᠲᠥᠰᠥᠯ ᠦᠨ ᠲᠤᠬᠠᠢ ᠠᠰᠠᠭᠤᠬᠤ ᠳᠤ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠤ ᠢᠯᠡᠭᠡᠭᠰᠡᠨ ᠲᠥᠰᠥᠯ ᠦᠨ ᠬᠠᠷᠢᠭᠤ ᠢᠷᠡᠮᠡᠭᠴᠡ ᠮᠠᠨ ᠤ ᠡᠯᠴᠢᠨ ᠰᠠᠶᠢᠳ ᠤᠨ ᠶᠠᠮᠤᠨ ᠳᠤ ᠠᠯᠪᠠᠨ ᠶᠣᠰᠣᠭᠠᠷ ᠮᠡᠳᠡᠭᠳᠡᠨ᠎ᠡ ᠭᠡᠵᠡᠢ᠃

ᠰᠡᠳᠬᠢᠭᠳᠡᠯ ᠦᠯᠡᠳᠡᠭᠡᠬᠦ