ᠲᠡᠮᠦᠷ ᠵᠠᠮ ᠢᠶᠠᠷ 23.8 ᠰᠠᠶ᠎ᠠ ᠲᠣᠨ ᠠᠴᠢᠶ᠎ᠠ ᠲᠡᠭᠡᠭᠡᠪᠦᠷᠢᠯᠡᠵᠡᠢ | News.MN

ᠲᠡᠮᠦᠷ ᠵᠠᠮ ᠢᠶᠠᠷ 23.8 ᠰᠠᠶ᠎ᠠ ᠲᠣᠨ ᠠᠴᠢᠶ᠎ᠠ ᠲᠡᠭᠡᠭᠡᠪᠦᠷᠢᠯᠡᠵᠡᠢ

ᠲᠡᠮᠦᠷ ᠵᠠᠮ ᠤᠨ ᠲᠡᠭᠡᠭᠡᠪᠦᠷᠢ ᠪᠡᠷ ᠡᠨᠡ ᠣᠨ ᠤ ᠡᠬᠢᠨ ᠦ ᠶᠢᠰᠦᠨ ᠰᠠᠷ᠎ᠠ ᠳᠤ 23.8 ᠰᠠᠶ᠎ᠠ ᠲᠣᠨ ᠠᠴᠢᠶ᠎ᠠ ᠲᠡᠭᠡᠭᠡᠪᠦᠷᠢᠯᠡᠭᠰᠡᠨ ᠨᠢ ᠡᠮᠦᠨᠡᠬᠢ ᠣᠨ ᠤ ᠮᠥᠨ ᠦᠶ᠎ᠡ  ᠡᠴᠡ 4.4 ᠰᠠᠶ᠎ᠠ ᠲᠣᠨ ᠢᠶᠠᠷ ᠦᠰᠴᠡᠢ᠃ ᠠᠴᠢᠶᠠᠨ ᠤ ᠥᠰᠦᠯᠲᠡ ᠳᠦ ᠡᠺᠰᠫᠣᠷᠲ ᠤᠨ ᠠᠴᠢᠶ᠎ᠠ 2.7 ᠰᠠᠶ᠎ᠠ᠂ ᠳᠠᠮᠵᠢᠨ ᠥᠩᠭᠡᠷᠡᠬᠦ ᠠᠴᠢᠶ᠎ᠠ 1.5 ᠰᠠᠶ᠎ᠠ᠂ ᠳᠣᠲᠣᠭᠠᠳᠤ ᠠᠴᠢᠶ᠎ᠠ 437.2 ᠮᠢᠩᠭᠠᠨ ᠲᠣᠨ ᠢᠶᠠᠷ ᠥᠰᠦᠭᠰᠡᠨ ᠨᠢ ᠨᠥᠯᠦᠭᠡᠯᠡᠵᠡᠢ᠃

ᠡᠨᠡ ᠣᠨ ᠤ ᠡᠬᠢᠨ ᠦ ᠶᠢᠰᠦᠨ ᠰᠠᠷ᠎ᠠ ᠳᠤ ᠲᠡᠭᠡᠭᠡᠭᠰᠡᠨ ᠠᠭᠤᠯᠠ ᠠᠭᠤᠷᠬᠠᠢ ᠶᠢᠨ ᠪᠦᠲᠦᠭᠡᠭᠳᠡᠬᠦᠨ ᠡᠮᠦᠨᠡᠬᠢ ᠣᠨ ᠤ ᠮᠥᠨ ᠦᠶ᠎ᠡ ᠡᠴᠡ 3.6 ᠰᠠᠶ᠎ᠠ᠂  ᠬᠦᠳᠡᠭᠡ ᠠᠵᠤ ᠠᠬᠤᠢ ᠶᠢᠨ ᠭᠠᠷᠤᠯᠲᠠᠢ ᠪᠦᠲᠦᠭᠡᠭᠳᠡᠬᠦᠨ 47.4 ᠮᠢᠩᠭ᠎ᠠ᠂ ᠬᠠᠷ᠎ᠠ ᠲᠡᠮᠦᠷ 40.5 ᠮᠢᠩᠭᠠᠨ ᠲᠣᠨ ᠢᠶᠠᠷ ᠥᠰᠴᠦ᠂ ᠪᠠᠷᠢᠯᠭ᠎ᠠ ᠶᠢᠨ ᠮᠠᠲ᠋ᠧᠷᠢᠶᠠᠯ 563 ᠮᠢᠩᠭ᠎ᠠ᠂ ᠮᠣᠳᠣ᠂ ᠮᠣᠳᠣᠨ ᠮᠠᠲ᠋ᠧᠷᠢᠶᠠᠯ 6.3 ᠮᠢᠩᠭᠠᠨ ᠲᠣᠨ ᠢᠶᠠᠷ ᠪᠠᠭᠤᠷᠠᠭᠰᠠᠨ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶ᠎ᠠ ᠮᠡᠳᠡᠭᠡᠯᠡᠪᠡ᠃

ᠲᠤᠰ ᠰᠠᠯᠪᠤᠷᠢ ᠶᠢᠨ ᠲᠡᠭᠡᠭᠡᠪᠦᠷᠢ ᠶᠢᠨ ᠣᠷᠣᠯᠭ᠎ᠠ ᠡᠨᠡ ᠣᠨ ᠤ ᠡᠬᠢᠨ ᠦ ᠶᠢᠰᠦᠨ ᠰᠠᠷ᠎ᠠ ᠳᠤ 826.3 ᠲᠡᠷᠪᠤᠮ ᠲᠥᠭᠥᠷᠢᠭ ᠲᠦ ᠬᠦᠷᠴᠦ᠂ ᠡᠮᠦᠨᠡᠬᠢ ᠣᠨ ᠤ ᠮᠥᠨ ᠦᠶ᠎ᠡ ᠶᠢᠨ ᠬᠢ ᠡᠴᠡ 305.2 ᠲᠡᠷᠪᠤᠮ ᠲᠥᠭᠥᠷᠢᠭ ᠢᠶᠡᠷ ᠦᠰᠴᠡᠢ᠃

ᠰᠡᠳᠬᠢᠭᠳᠡᠯ ᠦᠯᠡᠳᠡᠭᠡᠬᠦ