ᠰᠤᠷᠬᠤ ᠪᠢᠴᠢᠭ ᠦᠨ ᠴᠠᠬᠢᠮ ᠪᠦᠷᠢᠳᠬᠡᠯ ᠦᠨ ᠰᠢᠰᠲ᠋ᠧᠮ ᠨᠡᠪᠲᠡᠷᠡᠭᠦᠯᠵᠦ ᠡᠬᠢᠯᠡᠪᠡ | News.MN

ᠰᠤᠷᠬᠤ ᠪᠢᠴᠢᠭ ᠦᠨ ᠴᠠᠬᠢᠮ ᠪᠦᠷᠢᠳᠬᠡᠯ ᠦᠨ ᠰᠢᠰᠲ᠋ᠧᠮ ᠨᠡᠪᠲᠡᠷᠡᠭᠦᠯᠵᠦ ᠡᠬᠢᠯᠡᠪᠡ

ᠲᠥᠷᠥ ᠬᠤᠪᠢ ᠶᠢᠨ ᠬᠡᠪᠰᠢᠯ ᠦᠨ ᠬᠠᠮᠲᠤ ᠶᠢᠨ ᠠᠵᠢᠯᠯᠠᠭ᠎ᠠ ᠪᠣᠯᠤᠨ《ᠪᠣᠯᠪᠠᠰᠤᠷᠠᠯ MN》ᠲᠥᠰᠥᠯ ᠦᠨ ᠬᠦᠷᠢᠶᠡᠨ ᠳᠦ ᠰᠤᠷᠬᠤ ᠪᠢᠴᠢᠭ ᠦᠨ ᠴᠠᠬᠢᠮ ᠪᠦᠷᠢᠳᠬᠡᠯ ᠦᠨ ᠰᠢᠰᠲ᠋ᠧᠮ ᠢ ᠬᠣᠶᠠᠷ ᠵᠢᠯ ᠦᠨ ᠬᠤᠭᠤᠴᠠᠭᠠᠨ ᠳᠤ ᠭᠦᠢᠴᠡᠳᠭᠡᠵᠡᠢ᠃ ᠡᠨᠡ ᠬᠦ ᠰᠢᠰᠲ᠋ᠧᠮ ᠳᠦ ᠤᠯᠤᠰ ᠤᠨ ᠬᠡᠮᠵᠢᠶᠡᠨ ᠳᠦ 838 ᠰᠤᠷᠭᠠᠭᠤᠯᠢ ᠪᠦᠷᠢᠳᠬᠡᠭᠳᠡᠵᠡᠢ᠃
ᠮᠥᠨ ᠤᠭ ᠰᠢᠰᠲ᠋ᠧᠮ ᠢ 16 ᠮᠢᠩᠭ᠎ᠠ ᠭᠠᠷᠤᠢ ᠪᠠᠭᠰᠢ ᠠᠵᠢᠯᠲᠠᠨ ᠠᠰᠢᠭᠯᠠᠵᠤ ᠪᠠᠶᠢᠨ᠎ᠠ᠃ 2023-2024 ᠣᠨ ᠤ ᠬᠢᠴᠢᠶᠡᠯ ᠦᠨ ᠵᠢᠯ ᠳᠦ ᠨᠥᠬᠥᠨ ᠬᠠᠩᠭᠠᠯᠲᠠ ᠪᠠᠷ ᠠᠪᠤᠭᠰᠠᠨ 1.4 ᠰᠠᠶ᠎ᠠ ᠰᠤᠷᠬᠤ ᠪᠢᠴᠢᠭ ᠢ ᠺᠣᠳᠣᠵᠢᠭᠤᠯᠤᠨ ᠪᠦᠷᠢᠳᠬᠡᠵᠦ᠂ 6-12 ᠳ᠋ᠤᠭᠠᠷ ᠠᠩᠬᠢ ᠶᠢᠨ ᠰᠤᠷᠬᠤ ᠪᠢᠴᠢᠭ ᠦᠨ ᠲᠥᠯᠥᠪᠦᠷᠢ ᠶᠢ ᠫᠣᠰ ᠮᠠᠰᠢᠨ ᠤ ᠲᠤᠰᠠᠯᠠᠮᠵᠢ ᠲᠠᠢ ᠲᠥᠷᠥ ᠶᠢᠨ ᠰᠠᠩ ᠤᠨ ᠳᠠᠩᠰᠠᠨ ᠳᠤ ᠰᠢᠭᠤᠳ ᠪᠠᠶᠢᠷᠢᠰᠢᠭᠤᠯᠬᠤ ᠪᠣᠯᠤᠮᠵᠢ ᠪᠥᠷᠢᠳᠴᠦ ᠪᠠᠶᠢᠨ᠎ᠠ᠃

ᠰᠡᠳᠬᠢᠭᠳᠡᠯ ᠦᠯᠡᠳᠡᠭᠡᠬᠦ