ᠳᠡᠯᠡᠬᠡᠢ ᠶᠢᠨ ᠲᠡᠮᠡᠴᠡᠭᠡᠨ ᠠᠴᠠ ᠭ ∙ ᠮᠣᠩᠭᠣᠯᠵᠢᠨ ᠬᠦᠷᠡᠯ ᠮᠧᠳᠠᠯ ᠬᠦᠷᠲᠡᠯ᠎ᠡ | News.MN

ᠳᠡᠯᠡᠬᠡᠢ ᠶᠢᠨ ᠲᠡᠮᠡᠴᠡᠭᠡᠨ ᠠᠴᠠ ᠭ ∙ ᠮᠣᠩᠭᠣᠯᠵᠢᠨ ᠬᠦᠷᠡᠯ ᠮᠧᠳᠠᠯ ᠬᠦᠷᠲᠡᠯ᠎ᠡ

ᠰᠠᠦ᠋ᠳᠢ ᠶᠢᠨ ᠠᠷᠠᠪ ᠤᠯᠤᠰ ᠲᠤ ᠦᠷᠭᠦᠯᠵᠢᠯᠡᠵᠦ ᠪᠤᠢ ᠳᠡᠯᠡᠬᠡᠢ ᠶᠢᠨ ᠲᠤᠯᠤᠭᠠᠨ ᠤ ᠰᠫᠣᠷᠲ ᠤᠨ ᠨᠠᠭᠠᠳᠤᠮ ᠤᠨ ᠵᠢᠦ᠋ ᠵᠢᠴᠦ ᠶᠢᠨ ᠲᠥᠷᠥᠯ ᠳᠦ ᠮᠠᠨ ᠤ ᠤᠯᠤᠰ ᠠᠴᠠ 3 ᠲᠠᠮᠢᠷᠴᠢᠨ ᠣᠷᠣᠯᠴᠠᠵᠤ ᠨᠢᠭᠡ ᠮᠥᠩᠭᠥ᠂ ᠨᠢᠭᠡ ᠬᠦᠷᠡᠯ ᠮᠧᠳᠠᠯ ᠬᠦᠷᠲᠡᠯ᠎ᠡ᠃

-52 ᠺᠢᠯᠦᠭᠷᠡᠮ ᠤᠨ ᠵᠢᠩ ᠳᠦ 《ᠭᠠᠷᠤᠳᠠ》 ᠠᠺᠠᠳᠧᠮᠢ ᠶᠢᠨ ᠲᠠᠮᠢᠷᠴᠢᠨ ᠭ ∙ᠮᠣᠩᠭᠣᠯᠵᠢᠨ ᠬᠦᠷᠡᠯ ᠮᠧᠳᠠᠯ ᠬᠦᠷᠲᠡᠯ᠎ᠡ᠃ ᠲᠡᠷᠡᠪᠡᠷ ᠰᠡᠭᠦᠯ ᠦᠨ ᠵᠢᠯ ᠦᠳ ᠲᠦ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠨ ᠠᠽᠢᠶ᠎ᠠ ᠲᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠨᠦᠭᠦᠳ ᠲᠦ ᠣᠷᠣᠯᠴᠠᠵᠤ᠂ ᠱᠠᠩᠨᠠᠯᠳᠤ  ᠲᠠᠪᠤᠳᠤᠭᠠᠷ ᠪᠠᠶᠢᠷᠢ ᠳᠤ ᠤᠳᠠᠭ᠎ᠠ ᠳᠠᠷᠠᠭ᠎ᠠ ᠣᠷᠣᠭᠰᠠᠨ ᠪᠣᠯ ᠥᠪᠡᠷ ᠦᠨ ᠠᠮᠵᠢᠯᠲᠠ ᠪᠠᠨ ᠠᠬᠢᠭᠤᠯᠵᠤ᠂ ᠳᠡᠯᠡᠬᠡᠢ ᠶᠢᠨ ᠲᠤᠯᠤᠭᠠᠨ ᠤ ᠰᠫᠣᠷᠲ ᠤᠨ ᠨᠠᠭᠠᠳᠤᠮ ᠤᠨ ᠳᠡᠪᠵᠢᠭᠡᠨ ᠡᠴᠡ ᠬᠦᠷᠡᠯ ᠮᠧᠳᠠᠯ  ᠵᠡᠭᠦᠵᠦ ᠪᠤᠢ ᠨᠢ ᠡᠨᠡ ᠶᠤᠮ᠃

 

ᠰᠡᠳᠬᠢᠭᠳᠡᠯ ᠦᠯᠡᠳᠡᠭᠡᠬᠦ