ᠤ᠊ ∙ᠬᠦᠷᠡᠯᠰᠦ᠋ᠬᠡ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠭᠤᠯᠵᠠᠯᠲᠠ ᠳᠤ ᠣᠷᠣᠯᠴᠠᠬᠤ ᠪᠠᠷ ᠮᠣᠷᠳᠠᠯ᠎ᠠ | News.MN

ᠤ᠊ ∙ᠬᠦᠷᠡᠯᠰᠦ᠋ᠬᠡ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠭᠤᠯᠵᠠᠯᠲᠠ ᠳᠤ ᠣᠷᠣᠯᠴᠠᠬᠤ ᠪᠠᠷ ᠮᠣᠷᠳᠠᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠶᠡᠷᠦᠩᠬᠡᠶᠢᠯᠡᠭᠴᠢ  ᠮᠤᠬᠠᠮᠮᠠᠳ᠋ ᠪᠢᠩ ᠵᠠᠢᠳ᠋ ᠠᠯᠢ ᠨᠠᠾᠢᠶᠠᠨ ᠤ ᠤᠷᠢᠯᠭ᠎ᠠ ᠪᠠᠷ 12 ᠳ᠋ᠤᠭᠠᠷ ᠰᠠᠷ᠎ᠠ ᠶᠢᠨ 1-2 ᠤ ᠡᠳᠦᠷ ᠦᠳ ᠲᠦ ᠳ᠋ᠤᠪᠠᠢ ᠬᠤᠲᠠᠨ᠎ᠠ ᠪᠣᠯᠬᠤ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠤᠨ ᠲᠤᠬᠠᠢ ᠳᠡᠯᠡᠬᠡᠢ ᠶᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ᠃
ᠤ᠊∙ᠬᠦᠷᠡᠯᠰᠦ᠋ᠬᠡ ᠳᠡᠭᠡᠳᠦ ᠲᠦᠪᠰᠢᠨ ᠦ ᠠᠭᠤᠯᠵᠠᠯᠲᠠ ᠳᠤ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠳᠡᠯᠡᠬᠡᠢ ᠶᠢᠨ ᠳᠤᠯᠠᠭᠠᠷᠠᠯ ᠢ ᠰᠠᠭᠠᠷᠠᠭᠤᠯᠬᠤ ᠲᠤᠬᠠᠢ ᠮᠣᠩᠭᠣᠯ ᠤᠯᠤᠰ ᠤᠨ ᠪᠠᠶᠢᠷᠢ ᠰᠠᠭᠤᠷᠢ ᠶᠢ ᠢᠯᠡᠷᠬᠡᠶᠢᠯᠡᠵᠦ᠂ ᠦᠨᠳᠦᠰᠦᠨ ᠦ ᠲᠦᠪᠰᠢᠨ ᠳᠦ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ ᠶᠢ ᠲᠠᠨᠢᠯᠴᠠᠭᠤᠯᠬᠤ ᠶᠢᠨ ᠵᠡᠷᠭᠡᠴᠡᠭᠡ ᠠᠷᠠᠪ ᠤᠨ ᠨᠢᠭᠡᠳᠦᠭᠰᠡᠨ ᠡᠮᠢᠷᠠᠲ ᠤᠯᠤᠰ ᠵᠡᠷᠭᠡ ᠵᠠᠷᠢᠮ ᠤᠯᠤᠰ ᠤᠨ ᠲᠥᠷᠥ ᠶᠢᠨ ᠲᠡᠷᠢᠭᠦᠨ ᠲᠡᠢ ᠠᠭᠤᠯᠵᠠᠯᠲᠠ ᠬᠢᠨ᠎ᠡ᠃

ᠰᠡᠳᠬᠢᠭᠳᠡᠯ ᠦᠯᠡᠳᠡᠭᠡᠬᠦ