《ᠵᠠᠭᠪᠤᠷ -ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ》ᠬᠤᠷᠠᠯ ᠢ ᠵᠣᠬᠢᠶᠠᠨ ᠪᠠᠶᠢᠭᠤᠯᠤᠯ᠎ᠠ | News.MN

《ᠵᠠᠭᠪᠤᠷ -ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ》ᠬᠤᠷᠠᠯ ᠢ ᠵᠣᠬᠢᠶᠠᠨ ᠪᠠᠶᠢᠭᠤᠯᠤᠯ᠎ᠠ

ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠤᠯᠤᠰ ᠲᠥᠷᠥ᠂ ᠣᠯᠠᠨ ᠤᠯᠤᠰ ᠤᠨ ᠬᠠᠷᠢᠯᠴᠠᠭ᠎ᠠ᠂ ᠨᠡᠶᠢᠲᠡ ᠶᠢᠨ ᠤᠳᠤᠷᠢᠳᠤᠯᠭ᠎ᠠ ᠶᠢᠨ ᠰᠤᠷᠭᠠᠭᠤᠯᠢ ᠠᠴᠠ ᠵᠢᠯ ᠪᠦᠷᠢ ᠤᠯᠠᠮᠵᠢᠯᠠᠯ ᠪᠣᠯᠭᠠᠨ ᠦᠨᠳᠦᠰᠦᠨ ᠦ ᠬᠡᠮᠵᠢᠶᠡᠨ ᠳᠦ ᠵᠣᠬᠢᠶᠠᠨ ᠪᠠᠶᠢᠭᠤᠯᠳᠠᠭ ᠣᠶᠤᠲᠠᠨ ᠤ 《ᠵᠠᠭᠪᠤᠷ-ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ》 ᠬᠤᠷᠠᠯᠳᠤᠭᠠᠨ  ᠠᠷᠪᠠᠨ ᠨᠢᠭᠡᠳᠦᠭᠡᠷ ᠰᠠᠷ᠎ᠠ ᠶᠢᠨ 25-26  ᠤ ᠡᠳᠦᠷ ᠦᠳ ᠲᠦ ᠭᠠᠳᠠᠭᠠᠳᠤ ᠬᠠᠷᠢᠯᠴᠠᠭᠠᠨ ᠤ  ᠶᠠᠮᠤᠨ ᠪᠣᠯᠤᠨ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠨᠣᠮ ᠤᠨ ᠰᠠᠩ ᠳᠤ ᠠᠮᠵᠢᠯᠲᠠ ᠲᠠᠢ ᠪᠣᠯᠵᠤ ᠥᠨᠳᠥᠷᠯᠡᠪᠡ᠃

《ᠬᠤᠪᠢᠶᠠᠭᠳᠠᠭᠰᠠᠨ ᠳᠡᠯᠡᠬᠡᠢ᠄ ᠳᠠᠶᠠᠩ ᠳᠡᠯᠡᠬᠡᠢ ᠶᠢᠨ ᠨᠢᠭᠡᠳᠦᠮᠡᠯ ᠪᠠᠶᠢᠳᠠᠯ᠂ ᠡᠩᠬᠡ ᠲᠠᠶᠢᠪᠤᠩ᠂ ᠲᠣᠭᠲᠠᠪᠤᠷᠢᠲᠠᠢ ᠢᠷᠡᠭᠡᠳᠦᠢ ᠶᠢᠨ ᠠᠯᠤᠰ ᠤᠨ ᠬᠠᠷᠠᠭ᠎ᠠ》ᠰᠡᠳᠦᠪ ᠦᠨ ᠳᠣᠣᠷ᠎ᠠ ᠮᠣᠩᠭᠣᠯ ᠤᠯᠤᠰ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ᠂ ᠬᠥᠳᠡᠭᠡ ᠠᠵᠤ ᠠᠬᠤᠢ ᠶᠢᠨ ᠶᠡᠬᠡ ᠰᠤᠷᠭᠠᠭᠤᠯᠢ᠂ ᠬᠦᠮᠦᠯᠢᠭ ᠦᠨ ᠤᠬᠠᠭᠠᠨ ᠤ ᠶᠡᠬᠡ ᠰᠤᠷᠭᠠᠭᠤᠯᠢ ᠵᠡᠷᠭᠡ ᠶᠡᠬᠡ᠂ ᠳᠡᠭᠡᠳᠦ ᠰᠤᠷᠭᠠᠭᠤᠯᠢ ᠶᠢᠨ ᠤᠶᠤᠲᠠᠳ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠭᠴᠢᠳ ᠪᠣᠯᠬᠤ ᠨᠡᠶᠢᠲᠡ 100 ᠭᠠᠷᠤᠢ ᠬᠡᠦᠬᠡᠳ᠂ ᠵᠠᠯᠠᠭᠤᠰ 20 ᠤᠯᠤᠰ ᠢ ᠲᠥᠯᠥᠭᠡᠯᠡᠨ ᠪᠠᠭ ᠢᠶᠠᠷ ᠣᠷᠣᠯᠴᠠᠵᠤ᠂ ᠳᠡᠯᠡᠬᠡᠢ ᠳ᠋ᠠᠬᠢᠨ ᠳᠤ ᠲᠤᠯᠭᠠᠮᠳᠠᠵᠤ ᠪᠤᠢ ᠠᠰᠠᠭᠤᠳᠠᠯ ᠤᠳ ᠢ ᠬᠡᠯᠡᠯᠴᠡᠪᠡ᠃
ᠤᠭ ᠠᠷᠭ᠎ᠠ ᠬᠡᠮᠵᠢᠶᠡᠨ ᠦ ᠨᠡᠭᠡᠭᠡᠯᠲᠡ ᠶᠢᠨ ᠶᠣᠰᠣᠯᠠᠯ ᠳᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠨᠡᠰᠦ᠂ ᠬᠥᠳᠡᠭᠡ ᠠᠵᠤ ᠠᠬᠤᠢ ᠶᠢᠨ ᠪᠠᠶᠢᠭᠤᠯᠤᠯᠭ᠎ᠠ ᠶᠢᠨ ᠰᠠᠭᠤᠷᠢᠨ ᠲᠥᠯᠥᠭᠡᠯᠡᠭᠴᠢ᠂ ᠬᠠᠭᠠᠯᠲᠠ ᠶᠢᠨ ᠶᠣᠰᠣᠯᠠᠯ ᠳᠤ ᠺᠠᠨᠠᠳᠠ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠥᠭᠵᠢᠯ ᠦᠨ ᠬᠥᠲᠥᠯᠪᠦᠷᠢ ᠶᠢᠨ ᠰᠠᠭᠤᠷᠢᠨ ᠲᠥᠯᠥᠭᠡᠯᠡᠭᠴᠢ ᠨᠠᠷ ᠣᠷᠣᠯᠴᠠᠵᠤ ᠦᠭᠡ ᠬᠡᠯᠡᠪᠡ᠃

ᠰᠡᠳᠬᠢᠭᠳᠡᠯ ᠦᠯᠡᠳᠡᠭᠡᠬᠦ