ᠺᠠᠨᠠᠳᠠ ᠶᠢᠨ ᠬᠠᠮᠤᠭ ᠤᠨ ᠣᠯᠠᠨ ᠬᠦᠮᠦᠨ ᠠᠮᠠ ᠲᠠᠢ ᠲᠤᠷᠤᠨᠲ᠋ᠤ᠋ ᠬᠤᠲᠠᠨ᠎ᠠ ᠮᠣᠩᠭᠣᠯ ᠤᠯᠤᠰ ᠤᠨ ᠡᠷᠭᠦᠮᠵᠢᠲᠦ ᠺᠤᠨᠰᠦ᠋ᠯ ᠤᠨ ᠭᠠᠵᠠᠷ ᠠᠯᠪᠠᠨ ᠶᠣᠰᠣᠭᠠᠷ ᠨᠡᠭᠡᠭᠡᠭᠳᠡᠵᠦ᠂ ᠡᠷᠭᠦᠮᠵᠢᠲᠦ ᠺᠤᠨᠰᠦ᠋ᠯ ᠢᠶᠠᠷ ᠪᠷᠠᠶᠤᠨ ᠸᠢᠯᠹᠧᠷᠲ ᠡᠨᠡ ᠣᠨ ᠤ ᠳᠣᠯᠣᠳᠤᠭᠠᠷ ᠰᠠᠷ᠎ᠠ ᠳᠤ ᠲᠣᠮᠢᠯᠠᠭᠳᠠᠵᠤ ᠡᠭᠦᠷᠭᠡᠲᠦ ᠠᠵᠢᠯ ᠢᠶᠠᠨ ᠬᠦᠯᠢᠶᠡᠵᠦ ᠠᠪᠤᠭᠰᠠᠨ ᠶᠤᠮ᠃
ᠺᠤᠨᠰᠦ᠋ᠯ ᠤᠨ ᠭᠠᠵᠠᠷ ᠤᠨ ᠨᠡᠭᠡᠭᠡᠯᠲᠡ ᠶᠢᠨ ᠶᠣᠰᠣᠯᠠᠯ ᠤᠨ ᠠᠷᠭ᠎ᠠ ᠬᠡᠮᠵᠢᠶ᠎ᠡ ᠥᠩᠭᠡᠷᠡᠭᠰᠡᠨ ᠳᠣᠯᠣᠭ᠎ᠠ ᠬᠣᠨᠣᠭ ᠲᠤ ᠪᠣᠯᠵᠤ ᠭᠠᠳᠠᠭᠠᠳᠤ ᠬᠠᠷᠢᠯᠴᠠᠭᠠᠨ ᠤ ᠰᠠᠶᠢᠳ ᠪ∙ᠪᠠᠲᠤᠴᠡᠴᠡᠭ ᠺᠠᠨᠠᠳᠠ ᠤᠯᠤᠰ ᠲᠤ ᠬᠢᠵᠦ ᠪᠤᠢ ᠠᠯᠪᠠᠨ ᠠᠶᠢᠯᠴᠢᠯᠠᠯ ᠤᠨ ᠢᠶᠠᠨ ᠦᠶ᠎ᠡ ᠪᠡᠷ ᠣᠷᠣᠯᠴᠠᠵᠠᠢ᠃
ᠺᠠᠨᠠᠳᠠ ᠳᠤ ᠮᠣᠩᠭᠣᠯ ᠤᠨ 2300 ᠣᠷᠴᠢᠮ ᠢᠷᠭᠡᠨ ᠠᠮᠢᠳᠤᠷᠠᠳᠠᠭ ᠪᠠᠶᠢᠨ᠎ᠠ᠃ ᠡᠨᠡ ᠵᠢᠯ ᠮᠣᠩᠭᠣᠯ᠂ ᠺᠠᠨᠠᠳᠠ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠲᠣᠬᠢᠶᠠᠵᠤ ᠪᠠᠶᠢᠭ᠎ᠠ ᠶᠤᠮ᠃