ᠮᠣᠩᠭᠣᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠠᠮᠲᠤᠷᠠᠭᠰᠠᠨ ᠬᠤᠷᠠᠯ ᠪᠣᠯᠪᠠ  | News.MN

ᠮᠣᠩᠭᠣᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠠᠮᠲᠤᠷᠠᠭᠰᠠᠨ ᠬᠤᠷᠠᠯ ᠪᠣᠯᠪᠠ 

ᠲᠣᠭᠲᠠᠪᠤᠷᠢᠲᠠᠢ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶ᠎ᠡ 2023-2027》 ᠪᠠᠷᠢᠮᠲᠠ ᠪᠢᠴᠢᠭ ᠦᠨ ᠬᠡᠷᠡᠭᠵᠢᠯᠲᠡ ᠶᠢ ᠬᠠᠩᠭᠠᠬᠤ ᠮᠣᠩᠭᠣᠯ ᠤᠯᠤᠰ ᠤᠨ ᠵᠠᠰᠠᠭ ᠤᠨ ᠭᠠᠵᠠᠷ-ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ  ᠶᠢᠨ ᠬᠠᠮᠲᠤᠷᠠᠭᠰᠠᠨ ᠤᠳᠤᠷᠢᠳᠬᠤ ᠬᠣᠷᠢᠶᠠᠨ ᠤ ᠬᠣᠶᠠᠳᠤᠭᠠᠷ ᠬᠤᠷᠠᠯᠳᠤᠭᠠᠨ ᠡᠨᠡ ᠰᠠᠷ᠎ᠠ ᠶᠢᠨ ᠠᠷᠪᠠᠨ ᠨᠢᠭᠡᠨ ᠳᠦ ᠭᠠᠳᠠᠭᠠᠳᠤ ᠬᠠᠷᠢᠯᠴᠠᠭᠠᠨ ᠤ ᠶᠠᠮᠤᠨ ᠳᠤ ᠪᠣᠯᠪᠠ᠃
       ᠬᠠᠮᠲᠤᠷᠠᠭᠰᠠᠨ ᠤᠳᠤᠷᠢᠳᠬᠤ ᠬᠣᠷᠢᠶᠠᠨ ᠤ ᠬᠤᠷᠠᠯᠳᠤᠭᠠᠨ ᠢᠶᠠᠷ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠠᠴᠠ ᠮᠣᠩᠭᠣᠯ ᠤᠯᠤᠰ ᠲᠤ ᠬᠡᠷᠡᠭᠵᠢᠭᠦᠯᠵᠦ ᠪᠤᠢ ᠦᠢᠯᠡ ᠠᠵᠢᠯᠯᠠᠭ᠎ᠠ ᠶᠢ ᠬᠦᠮᠦᠨ ᠦ ᠬᠥᠭᠵᠢᠯ᠂ ᠰᠠᠶᠢᠨ ᠰᠠᠶᠢᠬᠠᠨ ᠪᠠᠶᠢᠳᠠᠯ ᠢ ᠬᠠᠩᠭᠠᠬᠤ᠂ ᠨᠣᠭᠣᠭᠠᠨ᠂ ᠬᠦᠷᠲᠡᠭᠡᠮᠵᠢᠲᠡᠢ ᠥᠰᠦᠯᠲᠡ ᠶᠢ ᠳᠡᠮᠵᠢᠬᠦ᠂ ᠬᠦᠮᠦᠨ ᠲᠥᠪ ᠲᠡᠢ ᠵᠠᠰᠠᠭᠯᠠᠯ᠂ ᠡᠷᠬᠡ ᠵᠦᠢᠲᠤ ᠶᠣᠰᠣ᠂ ᠬᠦᠮᠦᠨ ᠦ ᠡᠷᠬᠡ ᠶᠢ ᠳᠡᠮᠵᠢᠬᠦ ᠭᠡᠰᠡᠨ ᠭᠤᠷᠪᠠᠨ ᠴᠢᠭᠯᠡᠯ ᠢᠶᠡᠷ ᠲᠠᠨᠢᠯᠴᠠᠭᠤᠯᠪᠠ᠃
       ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠠᠴᠠ ᠮᠣᠩᠭᠣᠯ ᠤᠯᠤᠰ ᠲᠤ 2023-2027 ᠣᠨ ᠳᠤ ᠬᠡᠷᠡᠭᠵᠢᠭᠦᠯᠬᠦ ᠲᠣᠭᠲᠠᠪᠤᠷᠢᠲᠠᠢ ᠬᠥᠭᠵᠢᠯ ᠦᠨ ᠬᠠᠮᠲᠤ ᠶᠢᠨ ᠠᠵᠢᠯᠯᠠᠭᠠᠨ ᠤ ᠬᠦᠷᠢᠶ᠎ᠡᠪᠠᠷᠢᠮᠲᠠ ᠪᠢᠴᠢᠭ ᠲᠦ ᠲᠠᠯ᠎ᠠ ᠨᠤᠭᠤᠳ 2022 ᠣᠨ ᠤ ᠲᠠᠪᠤᠳᠤᠭᠠᠷ ᠰᠠᠷ᠎ᠠ ᠶᠢᠨ 20 ᠍ ᠳᠦ ᠭᠠᠷ ᠤᠨ ᠦᠰᠦᠭ ᠵᠢᠷᠤᠭᠰᠠᠨ ᠪᠥᠭᠡᠳ ᠬᠠᠮᠲᠤᠷᠠᠭᠰᠠᠨ ᠤᠳᠤᠷᠢᠳᠬᠤ ᠬᠣᠷᠢᠶ᠎ᠠ ᠨᠢ ᠡᠯ᠎ᠡ ᠪᠠᠷᠢᠮᠲᠠ ᠪᠢᠴᠢᠭ ᠦᠨ ᠬᠡᠷᠡᠭᠵᠢᠯᠲᠡ ᠳᠦ ᠬᠢᠨᠠᠯᠲᠠ ᠲᠠᠯᠪᠢᠬᠤ᠂ ᠤᠳᠤᠷᠢᠳᠤᠮᠵᠢ ᠪᠠᠷ ᠬᠠᠩᠭᠠᠬᠤ᠂ ᠦᠨᠳᠦᠰᠦᠨ ᠦ ᠬᠥᠭᠵᠢᠯ ᠦᠨ ᠲᠡᠷᠢᠭᠦᠯᠡᠬᠦ ᠴᠢᠭᠯᠡᠯ᠂ ᠪᠥᠰᠡ ᠨᠤᠲᠤᠭ᠂ ᠣᠯᠠᠨ ᠤᠯᠤᠰ ᠤᠨ ᠬᠥᠭᠵᠢᠯ ᠦᠨ ᠴᠢᠭ ᠬᠠᠨᠳᠤᠯᠭ᠎ᠠ ᠲᠠᠢ ᠤᠶᠠᠯᠳᠤᠭᠤᠯᠤᠨ ᠵᠥᠪᠯᠡᠮᠵᠢ ᠳ᠋ᠦᠩᠨᠡᠯᠲᠡ ᠭᠠᠷᠭᠠᠬᠤ ᠵᠡᠷᠭᠡ ᠡᠭᠦᠷᠭᠡ ᠲᠡᠢ ᠠᠵᠢᠯᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ