ᠤ᠊ ∙ ᠬᠦᠷᠡᠯᠰᠦ᠋ᠬᠡ ᠣᠯᠠᠨ ᠤᠯᠤᠰ ᠤᠨ ᠰᠢᠭᠦᠭᠴᠢ ᠳ∙ᠡᠷᠳᠡᠨᠢᠪᠠᠯᠰᠦ᠋ᠷᠦᠩ ᠳᠦ ᠪᠠᠶᠠᠷ ᠬᠦᠷᠭᠡᠪᠡ  | News.MN

ᠤ᠊ ∙ ᠬᠦᠷᠡᠯᠰᠦ᠋ᠬᠡ ᠣᠯᠠᠨ ᠤᠯᠤᠰ ᠤᠨ ᠰᠢᠭᠦᠭᠴᠢ ᠳ∙ᠡᠷᠳᠡᠨᠢᠪᠠᠯᠰᠦ᠋ᠷᠦᠩ ᠳᠦ ᠪᠠᠶᠠᠷ ᠬᠦᠷᠭᠡᠪᠡ 

      ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠣᠯᠠᠨ ᠤᠯᠤᠰ ᠤᠨ ᠡᠷᠡᠭᠦᠦ ᠶᠢᠨ ᠰᠢᠭᠦᠬᠦ ᠶᠢᠨ ᠰᠢᠭᠦᠭᠴᠢ ᠳ ∙ ᠡᠷᠳᠡᠨᠢᠪᠠᠯᠰᠦ᠋ᠷᠦᠩ ᠢ ᠥᠨᠥᠳᠥᠷ ᠬᠦᠯᠢᠶᠡᠨ ᠠᠪᠴᠤ ᠠᠭᠤᠯᠵᠠᠨ᠂ ᠪᠠᠶᠠᠷ ᠬᠦᠷᠭᠡᠪᠡ᠃
      ᠣᠯᠠᠨ ᠤᠯᠤᠰ ᠤᠨ ᠡᠷᠡᠭᠦᠦ ᠶᠢᠨ ᠰᠢᠭᠦᠬᠦ ᠶᠢᠨ ᠰᠢᠭᠦᠭᠴᠢ ᠪᠡᠷ ᠰᠣᠩᠭᠣᠭᠳᠠᠭᠰᠠᠨ ᠠᠩᠬᠠᠨ ᠤ ᠮᠣᠩᠭᠣᠯ ᠬᠦᠮᠦᠨ ᠪᠣᠯᠤᠭᠰᠠᠨ ᠨᠢ ᠬᠤᠪᠢ ᠬᠦᠮᠦᠨ ᠦ ᠮᠡᠳᠡᠯᠭᠡ ᠴᠢᠳᠠᠪᠤᠷᠢ᠂ ᠬᠢᠴᠢᠶᠡᠯ ᠵᠢᠳᠬᠦᠯ ᠡᠴᠡ ᠭᠠᠳᠠᠨ᠎ᠠ ᠤᠯᠤᠰ ᠣᠷᠣᠨ ᠤ ᠨᠡᠷ᠎ᠡ ᠬᠦᠨᠳᠦ ᠣᠯᠠᠨ ᠤᠯᠤᠰ ᠤᠨ ᠲᠠᠪᠴᠠᠩ ᠳᠤ ᠥᠰᠴᠦ᠂ ᠪᠠᠶᠢᠷᠢ ᠰᠠᠭᠤᠷᠢ ᠪᠡᠬᠢᠵᠢᠭᠰᠡᠨ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠮᠣᠩᠭᠣᠯ ᠤᠯᠤᠰ ᠲᠤ ᠢᠲᠡᠭᠡᠵᠦ ᠪᠠᠶᠢᠭ᠎ᠠ ᠶᠢᠨ ᠢᠯᠡᠷᠡᠯ ᠭᠡᠳᠡᠭ ᠢ  ᠲᠡᠷᠡ ᠲᠡᠮᠳᠡᠭᠯᠡᠪᠡ᠃   

ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ 2021 ᠣᠨ ᠳᠤ ᠣᠯᠠᠨ ᠤᠯᠤᠰ ᠤᠨ ᠡᠷᠡᠭᠦᠦ ᠶᠢᠨ ᠰᠢᠭᠦᠬᠦ ᠶᠢᠨ ᠰᠢᠭᠦᠭᠴᠢᠳ ᠮᠣᠩᠭᠣᠯ ᠬᠦᠮᠦᠨ ᠦ ᠨᠡᠷ᠎ᠡ ᠶᠢ ᠳᠡᠪᠰᠢᠭᠦᠯᠬᠦ ᠰᠠᠨᠠᠭᠠᠴᠢᠯᠠᠭ᠎ᠠ ᠭᠠᠷᠭᠠᠵᠤ᠂ ᠪᠡᠯᠡᠳᠬᠡᠯ ᠬᠠᠩᠭᠠᠬᠤ ᠠᠵᠢᠯ ᠤᠨ ᠬᠡᠰᠡᠭ ᠢ ᠲᠠᠮᠠᠭ᠎ᠠ ᠶᠢᠨ ᠭᠠᠵᠠᠷ ᠤᠨ ᠳᠠᠷᠤᠭ᠎ᠠ ᠶᠠ᠊ ∙ ᠰᠤᠳᠤᠪᠠᠭᠠᠲᠤᠷ ᠢᠶᠠᠷ ᠠᠬᠠᠯᠠᠭᠤᠯᠤᠨ ᠪᠠᠶᠢᠭᠤᠯᠵᠤ ᠠᠵᠢᠯᠯᠠᠭᠤᠯᠤᠭᠰᠠᠨ ᠳᠤ ᠰᠢᠭᠦᠭᠴᠢ ᠳ ∙ ᠡᠷᠳᠡᠨᠢᠪᠠᠯᠰᠦ᠋ᠷᠦᠩ ᠲᠠᠯᠠᠷᠬᠠᠯ ᠢᠯᠡᠷᠬᠡᠢᠯᠡᠵᠦ᠂ ᠴᠢᠨᠠᠭᠰᠢᠳᠠ ᠡᠬᠡ ᠣᠷᠣᠨ ᠤ ᠪᠠᠨ ᠨᠡᠷ᠎ᠡ ᠬᠦᠨᠳᠦ ᠶᠢ ᠥᠨᠳᠥᠷ ᠲᠦ ᠡᠷᠭᠦᠵᠦ᠂ ᠶᠣᠰᠣ ᠵᠦᠢ ᠲᠡᠢ᠂ ᠰᠢᠳᠤᠷᠭᠤ ᠠᠵᠢᠯᠯᠠᠨ᠎ᠠ ᠭᠡᠳᠡᠭ ᠢᠶᠡᠨ ᠬᠡᠯᠡᠪᠡ᠃

ᠰᠡᠳᠬᠢᠭᠳᠡᠯ ᠦᠯᠡᠳᠡᠭᠡᠬᠦ