ᠬᠦᠨᠡᠰᠦ ᠬᠦᠳᠡᠭᠡ ᠠᠵᠤ ᠠᠬᠤᠢ ᠶᠢᠨ ᠶᠠᠮᠤᠨ ᠤ ᠰᠠᠶᠢᠳ ᠬ∙ᠪᠣᠯᠣᠷᠴᠢᠯᠠᠭᠤᠨ ᠠᠷᠠᠰᠤ ᠰᠢᠷᠢ᠂ ᠨᠣᠣᠰᠣ᠂ ᠮᠢᠬᠠᠨ ᠤ ᠦᠢᠯᠡᠳᠪᠦᠷᠢ ᠨᠦᠭᠦᠳ ᠢ ᠪᠣᠳᠣᠯᠭ᠎ᠠ ᠪᠠᠷ᠂ ᠬᠥᠩᠭᠡᠯᠡᠯᠲᠡ ᠲᠡᠢ ᠵᠢᠭᠡᠯᠡ ᠪᠡᠷ ᠳᠡᠮᠵᠢᠬᠦ ᠪᠡᠨ ᠥᠪᠦᠷᠬᠠᠩᠭᠠᠢ ᠠᠶᠢᠮᠠᠭ ᠲᠤ ᠮᠢᠬ᠎ᠠ ᠪᠡᠯᠡᠳᠬᠡᠨ ᠨᠡᠶᠢᠯᠡᠭᠦᠯᠬᠦ ᠦᠢᠯᠡᠳᠪᠦᠷᠢ ᠨᠦᠭᠦᠳ ᠦᠨ ᠦᠢᠯᠡ ᠠᠵᠢᠯᠯᠠᠭ᠎ᠠ ᠲᠠᠢ ᠲᠠᠨᠢᠯᠴᠠᠬᠤ ᠦᠶ᠎ᠡ ᠪᠡᠷ ᠢᠶᠡᠨ ᠢᠯᠡᠷᠬᠡᠶᠢᠯᠡᠪᠡ᠃
《ᠥᠪ ᠡᠺᠣ ᠮᠢᠢᠲ》᠂ 《ᠳᠡᠭᠡᠵᠢ ᠶᠢᠨ ᠥᠷᠭᠥᠭᠡ》ᠺᠣᠮᠫᠠᠨᠢ ᠨᠤᠭᠤᠳ ᠾᠠᠯᠠᠯ ᠠᠷᠭ᠎ᠠ ᠪᠠᠷ ᠣᠷᠣᠨ ᠨᠤᠲᠤᠭ ᠠᠴᠠ ᠮᠢᠬ᠎ᠠ ᠪᠡᠯᠡᠳᠬᠡᠨ ᠢᠷᠡᠨ ᠤᠯᠤᠰ ᠲᠤ ᠡᠺᠰᠫᠣᠷᠲᠯᠠᠵᠤ ᠪᠠᠶᠢᠨ᠎ᠠ᠃ ᠣᠷᠣᠨ ᠨᠤᠲᠤᠭ ᠤᠨ 120 ᠭᠠᠷᠤᠢ ᠬᠦᠮᠦᠨ ᠢ ᠠᠵᠢᠯ ᠤᠨ ᠪᠠᠶᠢᠷᠢ ᠪᠠᠷ ᠬᠠᠩᠭᠠᠵᠤ ᠪᠤᠢ《ᠥᠪ ᠡᠺᠣ ᠮᠢᠢᠲ》ᠦᠢᠯᠡᠳᠪᠦᠷᠢ ᠨᠢ ᠪᠣᠭ᠂ ᠪᠣᠳᠠ ᠮᠠᠯ ᠤᠨ ᠲᠤᠰᠬᠠᠢ ᠱᠤᠭᠤᠮ ᠢᠶᠠᠷ ᠮᠢᠬ᠎ᠠ ᠪᠠᠨ ᠪᠡᠯᠡᠳᠬᠡᠳᠡᠭ᠃
《ᠳᠡᠭᠡᠵᠢ ᠶᠢᠨ ᠥᠷᠭᠥᠭᠡ》ᠺᠤᠮᠫᠠᠨᠢ ᠨᠢ ᠵᠢᠯ ᠳᠦ 35 ᠮᠢᠩᠭᠠᠨ ᠪᠣᠭ ᠮᠠᠯ ᠤᠨ ᠮᠢᠬ᠎ᠠ᠂ ᠳᠠᠶᠢᠪᠤᠷᠢ ᠪᠦᠲᠦᠭᠡᠭᠳᠡᠬᠦᠨ ᠪᠡᠯᠡᠳᠬᠡᠬᠦ ᠬᠦᠴᠦᠨ ᠴᠢᠳᠠᠯ ᠲᠠᠢ᠂ ᠮᠠᠯ ᠤᠨ ᠲᠣᠯᠣᠭᠠᠢ᠂ ᠰᠢᠭᠢᠷ᠎ᠠ ᠵᠤᠮᠠᠯᠠᠭᠴᠢ ᠲᠥᠬᠥᠭᠡᠷᠦᠮᠵᠢ ᠰᠠᠭᠤᠷᠢᠯᠠᠭᠤᠯᠵᠤ ᠬᠦᠴᠦᠨ ᠴᠢᠳᠠᠯ ᠢᠶᠠᠨ ᠨᠡᠮᠡᠵᠦ ᠪᠠᠶᠢᠭ᠎ᠠ ᠲᠡᠳᠦᠢ ᠦᠭᠡᠢ ᠮᠠᠯ ᠤᠨ ᠥᠭᠡᠬᠦ ᠲᠣᠰ ᠪᠣᠯᠪᠠᠰᠤᠷᠠᠭᠤᠯᠤᠨ ᠲᠧᠭᠨᠢᠭ ᠦᠨ ᠲᠤᠰᠤ ᠡᠺᠰᠫᠣᠷᠲᠯᠠᠵᠤ ᠪᠠᠶᠢᠨ᠎ᠠ᠃