ᠲᠡᠮᠡᠴᠡᠭᠡᠨ ᠨᠦᠭᠦᠳ ᠡᠴᠡ 14 ᠲᠡᠷᠪᠤᠮ ᠲᠦᠭᠦᠷᠢᠭ ᠤᠨ ᠣᠷᠣᠯᠭ᠎ᠠ ᠣᠯᠵᠠᠢ  | News.MN

ᠲᠡᠮᠡᠴᠡᠭᠡᠨ ᠨᠦᠭᠦᠳ ᠡᠴᠡ 14 ᠲᠡᠷᠪᠤᠮ ᠲᠦᠭᠦᠷᠢᠭ ᠤᠨ ᠣᠷᠣᠯᠭ᠎ᠠ ᠣᠯᠵᠠᠢ 

ᠵᠠᠰᠠᠭ ᠤᠨ ᠭᠠᠵᠠᠷ ᠤᠨ 2023 ᠣᠨ ᠤ 88 ᠳ᠋ᠤᠭᠠᠷ ᠲᠣᠭᠲᠠᠭᠠᠯ ᠢᠶᠠᠷ ᠰᠫᠣᠷᠲ ᠤᠨ ᠣᠯᠠᠨ ᠤᠯᠤᠰ᠂ ᠲᠢᠪ᠂ ᠳᠡᠯᠡᠬᠡᠢ ᠶᠢᠨ ᠴᠢᠨᠠᠷᠲᠠᠢ ᠲᠡᠮᠡᠴᠡᠭᠡᠨ ᠢ ᠡᠬᠡ ᠣᠷᠣᠨ ᠳᠤ ᠪᠠᠨ ᠵᠣᠬᠢᠶᠠᠨ ᠪᠠᠢᠭᠤᠯᠤᠭᠠᠳ 14 ᠲᠡᠷᠪᠤᠮ ᠲᠥᠭᠦᠷᠢᠭ ᠦᠨ ᠣᠷᠣᠯᠭ᠎ᠠ ᠣᠷᠣᠭᠰᠠᠨ ᠪᠠᠶᠢᠨ᠎ᠠᠲᠤᠬᠠᠶᠢᠯᠠᠪᠠᠯ ᠡᠨᠡ ᠣᠨ ᠳᠤ ᠫᠠᠦ᠋ᠷᠯᠢᠹᠲ᠋ᠢᠩ᠂  ᠵᠢᠶᠤ ᠵᠢᠴᠦ᠂ ᠬᠣᠺᠺᠧᠢ ᠶᠢᠨ ᠰᠫᠣᠷᠲ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠪᠣᠯᠤᠭᠰᠠᠨ᠃ ᠫᠠᠦ᠋ᠷᠯᠢᠹᠲ᠋ᠢᠩ ᠡᠴᠡ ᠪᠤᠰᠤᠳ ᠨᠢ ᠮᠠᠨ ᠤ ᠤᠯᠤᠰ ᠲᠤ ᠠᠩᠬ᠎ᠠ ᠤᠳᠠᠭ᠎ᠠ ᠪᠣᠯᠵᠤ ᠪᠤᠢ ᠪᠠᠷ ᠢᠶᠠᠨ ᠣᠨᠴᠠᠯᠢᠭ ᠪᠣᠯᠤᠭᠰᠠᠨ᠃
     ᠲᠡᠭᠦᠨᠴᠢᠯᠡᠨ ᠭᠢᠮᠨᠡᠰᠲ᠋ᠢᠺ᠂ ᠮᠣᠳᠣᠨ ᠪᠠᠷᠢᠯᠳᠤᠭᠠᠨ᠂ ᠰᠢᠷᠡᠭᠡᠨ ᠦ ᠲᠧᠨᠨᠢᠰ ᠤᠨ ᠠᠽᠢᠶ᠎ᠠ ᠲᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ᠂ ᠵᠢᠦ᠋ᠳᠣ᠋ ᠪᠥᠬᠡ ᠶᠢᠨ ᠶᠡᠬᠡ ᠳᠤᠭᠤᠯᠠᠭ᠎ᠠ ᠵᠡᠷᠭᠡ ᠳᠣᠯᠣᠭᠠᠨ ᠲᠡᠮᠡᠴᠡᠭᠡᠨ ᠤᠷᠤᠯᠳᠤᠭᠠᠨ ᠵᠣᠬᠢᠶᠠᠨ ᠪᠠᠶᠢᠭᠤᠯᠬᠤ ᠳᠤ ᠳᠠᠪᠬᠤᠷᠳᠠᠭᠰᠠᠨ ᠲᠣᠭ᠎ᠠ ᠪᠠᠷ 129 ᠣᠷᠣᠨ ᠤ 1563 ᠲᠠᠮᠢᠷᠴᠢᠨ᠂ 229 ᠳᠠᠰᠬᠠᠯᠵᠢᠭᠤᠯᠤᠭᠴᠢ ᠣᠷᠣᠯᠴᠠᠵᠤ᠂ 95 ᠰᠢᠭᠦᠭᠴᠢ᠂ 211 ᠠᠯᠪᠠᠨ ᠤ ᠲᠥᠯᠥᠭᠡᠯᠡᠭᠴᠢ᠂ 340 ᠲᠤᠰᠠᠯᠠᠬᠤ ᠠᠵᠢᠯᠲᠠᠨ᠂ 1577 ᠬᠥᠭᠵᠢᠶᠡᠨ ᠳᠡᠮᠵᠢᠭᠴᠢ ᠬᠠᠮᠤᠷᠤᠭᠳᠠᠵᠠᠢ᠃  

ᠮᠣᠩᠭᠣᠯ ᠤᠯᠤᠰ ᠤᠨ ᠡᠳ᠋ ᠦᠨ ᠵᠠᠰᠠᠭ ᠲᠤ ᠰᠢᠭᠤᠳ ᠪᠣᠯᠤᠨ ᠰᠢᠭᠤᠳ ᠪᠤᠰᠤ ᠪᠠᠷ ᠣᠷᠣᠭᠤᠯᠤᠭᠰᠠᠨ ᠣᠷᠣᠯᠭ᠎ᠠ ᠳᠤ ᠦᠨᠳᠦᠰᠦᠨ ᠦ ᠠᠭᠠᠷ ᠤᠨ ᠲᠡᠭᠡᠭᠡᠪᠤᠷᠢ ᠶᠢᠨ ᠺᠣᠮᠫᠠᠨᠢ ᠳᠤ 4.9 ᠲᠡᠷᠪᠤᠮ ᠲᠥᠭᠥᠷᠢᠭ ᠣᠷᠣᠭᠰᠠᠨ ᠪᠣᠯ ᠵᠣᠴᠢᠳ ᠪᠠᠭᠤᠳᠠᠯ᠂ ᠷᠧᠰᠲ᠋ᠣᠷᠠᠨ ᠳᠤ 5.7 ᠲᠡᠷᠪᠤᠮ ᠲᠥᠭᠥᠷᠢᠭ᠂ ᠬᠤᠳᠠᠯᠳᠤᠭ᠎ᠠ ᠦᠢᠯᠡᠴᠢᠯᠡᠭᠡᠨ ᠳᠦ 3.2 ᠲᠡᠷᠪᠤᠮ ᠲᠥᠭᠥᠷᠢᠭ ᠨᠡᠶᠢᠲᠡ 14 ᠲᠡᠷᠪᠤᠮ ᠲᠥᠭᠥᠷᠢᠭ ᠦᠨ ᠡᠳ᠋  ᠦᠨ ᠵᠠᠰᠠᠭ ᠤᠨ ᠣᠷᠣᠯᠭ᠎ᠠ ᠣᠷᠣᠭᠰᠠᠨ ᠭᠡᠪᠡ᠃

ᠰᠡᠳᠬᠢᠭᠳᠡᠯ ᠦᠯᠡᠳᠡᠭᠡᠬᠦ