ᠮᠣᠩᠭᠣᠯ ᠤᠯᠤᠰ ᠤᠨ 904 ᠮᠢᠩᠭᠠᠨ ᠬᠦᠮᠦᠨ ᠶᠠᠳᠠᠭᠤ ᠪᠠᠢᠨ᠎ᠠ  | News.MN

ᠮᠣᠩᠭᠣᠯ ᠤᠯᠤᠰ ᠤᠨ 904 ᠮᠢᠩᠭᠠᠨ ᠬᠦᠮᠦᠨ ᠶᠠᠳᠠᠭᠤ ᠪᠠᠢᠨ᠎ᠠ 

ᠤᠯᠤᠰ ᠤᠨ ᠶᠡᠬᠡ ᠬᠤᠷᠠᠯ ᠤᠨ ᠴᠢᠭᠤᠯᠭᠠᠨ ᠢᠶᠠᠷ ᠪ∙ᠪᠠᠲᠤᠲᠡᠮᠦᠷ ᠭᠡᠰᠢᠭᠦᠨ ᠶᠠᠳᠠᠭᠤᠷᠠᠯ ᠤᠨ ᠲᠠᠶᠢᠯᠤᠨ ᠲᠠᠨᠢᠯᠴᠠᠭᠤᠯᠪᠠ᠃ ᠲᠡᠷᠡ ᠪᠡᠷ ᠳᠡᠯᠡᠬᠡᠢ ᠶᠢᠨ ᠪᠠᠩᠬᠢᠨ ᠠᠴᠠ ᠰᠠᠶ᠋ᠢᠬᠠᠨ ᠭᠠᠷᠭᠠᠭᠰᠠᠨ ᠰᠤᠳᠤᠯᠭᠠᠨ ᠳᠤ ᠮᠣᠩᠭᠣᠯ ᠤᠨ 904000 ᠬᠦᠮᠦᠨ ᠶᠠᠳᠠᠭᠤ᠂ ᠡᠳ᠋  ᠦᠨ ᠵᠠᠰᠠᠭ ᠤᠨ ᠡᠷᠬᠡ ᠴᠢᠯᠦᠭᠡ ᠦᠭᠡᠢ ᠪᠠᠶᠢᠭ᠎ᠠ ᠶᠢ ᠳᠤᠷᠠᠳᠤᠭᠰᠠᠨ ᠪᠠᠶᠢᠭᠰᠠᠨ᠃ ᠡᠨᠡ ᠳᠠᠷᠤᠤᠬᠠᠨ ᠭᠠᠷᠭᠠᠭᠰᠠᠨ ᠲᠣᠭ᠎ᠠ᠃ ᠨᠢᠭᠡ ᠰᠠᠶ᠎ᠠ ᠣᠷᠴᠢᠮ ᠶᠠᠳᠠᠭᠤ ᠢᠷᠭᠡᠨ ᠪᠠᠶᠢᠭ᠎ᠠ᠃ ᠶᠠᠳᠠᠭᠤᠷᠠᠬᠤ ᠮᠠᠭᠠᠳᠯᠠᠯ ᠲᠠᠢ 400 ᠮᠢᠩᠭ᠎ᠠ ᠣᠷᠴᠢᠮ ᠬᠦᠮᠦᠨ ᠪᠠᠶᠢᠭ᠎ᠠ ᠭᠡᠬᠦ ᠪᠡᠷ 3.5 ᠰᠠᠶ᠎ᠠ ᠬᠦᠮᠦᠨ ᠦ 1.4 ᠰᠠᠶ᠎ᠠ ᠨᠢ ᠶᠠᠳᠠᠭᠤ ᠪᠠᠶᠢᠨ᠎ᠠ᠃
        ᠠᠭᠤᠯᠠ ᠠᠭᠤᠷᠬᠠᠢ ᠶᠢᠨ ᠰᠠᠯᠪᠤᠷᠢ ᠠᠵᠢᠯ ᠤᠨ ᠪᠠᠶᠢᠷᠢᠨ ᠤ ᠲᠠᠪᠤᠬᠠᠨ ᠬᠤᠪᠢ ᠶᠢ ᠪᠦᠷᠢᠳᠦᠭᠦᠯᠳᠡᠭ᠃ ᠡᠳ᠋  ᠦᠨ ᠵᠠᠰᠠᠭ ᠲᠤ ᠲᠣᠮᠣ ᠡᠭᠦᠷᠭᠡ ᠭᠦᠢᠴᠡᠳᠭᠡᠳᠡᠭ ᠬᠢᠷᠢᠨ᠎ᠡ ᠠᠵᠢᠯ ᠤᠨ ᠪᠠᠶᠢᠷᠢ ᠶᠢ ᠪᠠᠭ᠎ᠠ ᠪᠤᠢ ᠪᠣᠯᠭᠠᠳᠠᠭ᠃ ᠬᠣᠶᠠᠳᠤᠭᠠᠷ ᠲᠤ ᠵᠠᠬ᠎ᠠ ᠵᠡᠭᠡᠯᠢ ᠶᠢᠨ ᠨᠡᠶᠢᠭᠡᠮ ᠳᠦ ᠬᠦᠮᠦᠨ ᠢᠶᠡᠨ ᠪᠡᠯᠡᠳᠦᠭᠡ ᠦᠭᠡᠢ ᠵᠡᠷᠭᠡ ᠲᠥᠷᠥ ᠵᠠᠰᠠᠭ ᠤᠨ ᠠᠯᠳᠠᠭ᠎ᠠ ᠲᠠᠢ ᠪᠣᠳᠣᠯᠭ᠎ᠠ ᠠᠴᠠ ᠪᠣᠯᠵᠤ᠂ ᠢᠷᠭᠡᠳ ᠶᠠᠳᠠᠭᠤᠷᠠᠭᠰᠠᠨ ᠭᠡᠳᠡᠭ ᠢ ᠬᠡᠯᠡᠵᠦ ᠪᠠᠶᠢᠨ᠎ᠠ᠃ ᠡᠷᠳᠡᠨᠢᠰ ᠲᠠᠪᠤᠨᠲᠤᠯᠤᠭᠠᠢ ᠺᠣᠮᠫᠠᠨᠢ ᠶᠢᠨ 34 ᠬᠤᠪᠢ ᠶᠢ ᠢᠷᠭᠡᠳ ᠲᠦ ᠡᠵᠡᠮᠰᠢᠭᠦᠯᠬᠦ ᠠᠰᠠᠭᠤᠳᠠᠯᠪᠠᠶᠠᠯᠢᠭ ᠤᠨ ᠰᠠᠩ ᠤᠨ ᠬᠠᠤᠯᠢᠲᠠᠢ ᠨᠢᠭᠲᠠ ᠤᠶᠠᠯᠳᠤᠵᠤ ᠶᠠᠪᠤᠬᠤ ᠶᠣᠰᠣᠲᠠᠢ᠃ ᠢᠷᠡᠭᠡᠳᠦᠢ ᠶᠢᠨ ᠥᠪ ᠰᠠᠩ ᠲᠠᠢ ᠬᠣᠯᠪᠣᠭ᠎ᠠ ᠲᠠᠢ ᠠᠯᠳᠠᠭ᠎ᠠ ᠶᠢ ᠳᠠᠪᠲᠠᠵᠤ ᠪᠣᠯᠬᠤ ᠦᠭᠡᠢ ᠭᠡᠯ᠎ᠡ᠃

ᠰᠡᠳᠬᠢᠭᠳᠡᠯ ᠦᠯᠡᠳᠡᠭᠡᠬᠦ