ᠰᠢᠭᠦᠬᠦ ᠶᠢᠨ ᠶᠡᠷᠦᠩᠬᠡᠢ ᠵᠥᠪᠯᠡᠯ ᠦᠨ ᠳᠠᠷᠤᠭ᠎ᠠ ᠷ∙ᠣᠨᠣᠨᠴᠢᠮᠡᠭ ᠦᠨ ᠪᠦᠷᠢᠨ ᠡᠷᠬᠡ ᠶᠢᠨ ᠬᠤᠭᠤᠴᠠᠭ᠎ᠠ ᠳᠠᠭᠤᠰᠴᠤ᠂ ᠲᠡᠭᠦᠨ ᠦ ᠣᠷᠣᠨ ᠳᠤ ᠯ ∙ ᠡᠩᠬᠡᠪᠢᠯᠢᠭ ᠢ ᠲᠣᠮᠢᠯᠠᠭᠰᠠᠨ ᠪᠠᠶᠢᠨ᠎ᠠ᠃ ᠲᠡᠷᠡᠪᠡᠷ ᠶᠡᠷᠦᠩᠬᠡᠢ ᠵᠥᠪᠯᠡᠯ ᠦᠨ ᠨᠡᠶᠢᠲᠡ ᠭᠡᠰᠢᠭᠦᠳ ᠦᠨ ᠣᠯᠠᠩᠬᠢ ᠶᠢᠨ ᠰᠠᠨᠠᠯ ᠢ ᠠᠪᠴᠠᠢ᠃
ᠰᠢᠭᠦᠬᠦ ᠶᠢᠨ ᠶᠡᠷᠦᠩᠬᠡᠢ ᠵᠥᠪᠯᠡᠯ ᠦᠨ ᠲᠠᠮᠠᠭ᠎ᠠ ᠶᠢ ᠷ∙ᠣᠨᠣᠨᠴᠢᠮᠡᠭ ᠬᠦᠯᠢᠶᠡᠯᠭᠡᠨ ᠥᠭᠬᠦ ᠳᠦ ᠪᠡᠨ᠄ ᠰᠢᠭᠦᠬᠦ ᠶᠢᠨ ᠶᠡᠷᠦᠩᠬᠡᠢ ᠵᠥᠪᠯᠡᠯ ᠦᠨ ᠳᠠᠷᠤᠭ᠎ᠠ ᠶᠢᠨ ᠨᠡᠷ᠎ᠡ ᠬᠦᠨᠳᠦ ᠲᠡᠢ ᠠᠯᠪᠠ ᠶᠢ ᠥᠨᠳᠥᠷ ᠬᠠᠷᠢᠭᠤᠴᠠᠯᠭ᠎ᠠ ᠲᠠᠢ ᠭᠦᠢᠴᠡᠳᠭᠡᠨ᠎ᠡ ᠭᠡᠳᠡᠭ ᠲᠦ ᠢᠲᠡᠭᠡᠯ ᠲᠡᠢ ᠪᠠᠶᠢᠨ᠎ᠠ ᠬᠡᠮᠡᠭᠰᠡᠨ ᠪᠣᠯ ᠰᠢᠭᠦᠬᠦ ᠶᠢᠨ ᠶᠡᠷᠦᠩᠬᠡᠢ ᠵᠥᠪᠯᠡᠯ ᠦᠨ ᠳᠠᠷᠤᠭ᠎ᠠ ᠯ ∙ᠡᠩᠬᠡᠪᠢᠯᠢᠭ᠄ ᠡᠨᠡ ᠬᠦ ᠬᠠᠷᠢᠭᠤᠴᠠᠯᠭ᠎ᠠ ᠲᠠᠢ ᠠᠯᠪᠠ ᠶᠢ ᠡᠷᠴᠢ᠂ ᠬᠦᠴᠦ ᠲᠡᠢ᠂ ᠲᠠ ᠪᠦᠬᠦᠨ ᠦ ᠢᠲᠡᠭᠡᠯ ᠢ ᠳᠠᠭᠠᠭᠠᠵᠤ ᠭᠦᠢᠴᠡᠳᠭᠡᠨ᠎ᠡ ᠭᠡᠪᠡ ᠃