ᠮᠣᠩᠭᠣᠯ ᠤᠯᠤᠰ ᠤᠨ ᠪᠡᠯᠴᠢᠭᠡᠷ ᠦᠨ 11 ᠬᠤᠪᠢ ᠨᠢ ᠤᠨᠠᠭᠠᠨ ᠲᠥᠷᠬᠥ ᠪᠡᠷ ᠢᠶᠡᠨ ᠪᠠᠶᠢᠨ᠎ᠠ  | News.MN

ᠮᠣᠩᠭᠣᠯ ᠤᠯᠤᠰ ᠤᠨ ᠪᠡᠯᠴᠢᠭᠡᠷ ᠦᠨ 11 ᠬᠤᠪᠢ ᠨᠢ ᠤᠨᠠᠭᠠᠨ ᠲᠥᠷᠬᠥ ᠪᠡᠷ ᠢᠶᠡᠨ ᠪᠠᠶᠢᠨ᠎ᠠ 

ᠮᠤᠩᠭᠤᠯ ᠤᠯᠤᠰ ᠤᠨ  ᠵᠠᠰᠠᠭ ᠤᠨ  ᠭᠠᠵᠠᠷ ᠤᠨ ᠬᠡᠷᠡᠭᠵᠢᠭᠦᠯᠦᠭᠴᠢ ᠠᠭᠧᠨᠲᠯᠢᠭ- ᠭᠠᠵᠠᠷ ᠵᠣᠬᠢᠶᠠᠨ ᠪᠠᠶᠢᠭᠤᠯᠤᠯᠲᠠ ᠭᠧᠣᠳᠧᠽᠢ ᠵᠢᠷᠤᠭ ᠵᠦᠢ ᠶᠢᠨ ᠭᠠᠵᠠᠷ ᠮᠣᠩᠭᠣᠯ ᠣᠷᠣᠨ ᠤ ᠪᠡᠯᠴᠢᠭᠡᠷ ᠦᠨ ᠹᠤᠲ᠋ᠤ᠋ ᠮᠣᠨᠢᠲ᠋ᠣᠷᠢᠩᠠᠭᠠᠷ ᠠᠴᠠ ᠵᠢᠷᠤᠭᠯᠠᠵᠤ ᠬᠡᠮᠵᠢᠬᠦ ᠦᠨ ᠦᠨᠡᠯᠡᠭᠡ ᠶᠢ ᠤᠯᠤᠰ ᠤᠨ ᠬᠡᠮᠵᠢᠶᠡᠨ ᠳᠦ ᠨᠠᠢ᠌ᠮᠠᠳᠠᠬᠢ ᠵᠢᠯ ᠳᠦ ᠪᠡᠨ ᠬᠢᠵᠦ ᠭᠦᠢᠴᠡᠳᠭᠡᠵᠡᠢ᠃ ᠲᠡᠳᠡ 21 ᠠᠶᠢᠮᠠᠭᠮᠠᠨ ᠤ ᠬᠢ ᠪᠡᠷ ᠪᠤᠯ ᠮᠤᠵᠢ ᠲᠠᠢ ᠲᠡᠩᠴᠡᠨ᠎ᠡ ᠤᠨ 319 ᠰᠤᠮᠤᠮᠠᠨ  ᠤ ᠬᠢ ᠪᠡᠷ ᠪᠤᠯ ᠬᠤᠰᠢᠭᠤ ᠲᠠᠢ ᠲᠡᠩᠴᠡᠨ᠎ᠡ᠂ ᠨᠡᠶᠢᠰᠯᠡᠯ ᠦᠨ ᠵᠢᠷᠭᠤᠭᠠᠨ ᠳᠡᠭᠦᠷᠭᠡ ᠶᠢᠨ 108.8 ᠰᠠᠶ᠎ᠠᠨᠢᠭᠡ ᠰᠠᠶ᠎ᠠ ᠨᠢ ᠵᠠᠭᠤᠨ ᠲᠦᠮᠡ ᠲᠠᠢ ᠲᠡᠩᠴᠡᠨ᠎ᠡ ᠭᠠᠨᠢᠭᠡ ᠭᠠ15 ᠮᠤ᠋ ᠲᠠᠢ ᠲᠡᠩᠴᠡᠨ᠎ᠡᠪᠡᠯᠴᠢᠭᠡᠷ ᠦᠨ ᠭᠠᠵᠠᠷ ᠢ ᠲᠥᠯᠥᠭᠡᠯᠡᠬᠦ 5158 ᠮᠣᠨᠢᠲ᠋ᠣᠷᠢᠩ ᠦᠨ ᠴᠡᠭ ᠲᠦ ᠬᠡᠭᠡᠷ᠎ᠡ ᠶᠢᠨ ᠰᠤᠳᠤᠯᠭ᠎ᠠ ᠬᠢᠭᠰᠡᠨ ᠪᠠᠶᠢᠨ᠎ᠠ᠃  

ᠡᠭᠦᠨ ᠦ ᠦᠷ᠎ᠡ ᠳ᠋ᠦᠩ ᠳᠦ᠂ ᠪᠡᠯᠴᠢᠭᠡᠷ ᠦᠨ 11 ᠬᠤᠪᠢ ᠨᠢ ᠪᠠᠢᠭᠠᠯᠢ ᠶᠢᠨ ᠤᠨᠠᠭᠠᠨ ᠲᠥᠷᠬᠦ ᠪᠡᠨ ᠠᠯᠳᠠᠭ᠎ᠠ ᠦᠭᠡᠢ᠂ 45.7 ᠬᠤᠪᠢ ᠨᠢ ᠪᠠᠭ᠎ᠠ ᠵᠡᠷᠭᠡ ᠥᠭᠡᠷᠡᠴᠢᠯᠡᠭᠳᠡᠭᠰᠡᠨ᠂ 19.6 ᠬᠤᠪᠢ ᠨᠢ ᠳᠤᠮᠳᠠ ᠵᠡᠷᠭᠡ ᠥᠭᠡᠷᠡᠴᠢᠯᠡᠭᠳᠡᠭᠰᠡᠨ᠂ 17 ᠬᠤᠪᠢ ᠨᠢ ᠬᠦᠴᠦᠲᠡᠢ ᠥᠭᠡᠷᠡᠴᠢᠯᠡᠭᠳᠡᠭᠰᠡᠨ᠂ 6.6 ᠬᠤᠪᠢ ᠨᠢ ᠮᠠᠰᠢ  ᠬᠦᠴᠦᠲᠡᠢ ᠥᠭᠡᠷᠡᠴᠢᠯᠡᠭᠳᠡᠭᠰᠡᠨ ᠢ ᠲᠤᠭᠲᠠᠭᠠᠵᠠᠢ᠃ ᠡᠶᠢᠮᠦ ᠳᠦ ᠪᠡᠯᠴᠢᠭᠡᠷ ᠢ ᠬᠠᠮᠠᠭᠠᠯᠠᠬᠤ᠂ ᠨᠥᠬᠥᠨ ᠰᠡᠷᠭᠦᠭᠡᠬᠦ ᠳᠦ ᠬᠠᠮᠲᠤᠷᠠᠵᠤ ᠠᠵᠢᠯᠯᠠᠬᠤ ᠠᠯᠪᠠᠨ ᠪᠢᠴᠢᠭ ᠢ ᠠᠶᠢᠮᠠᠭ᠂ ᠳᠡᠭᠦᠷᠭᠡ ᠶᠢᠨ ᠵᠠᠰᠠᠭ ᠳᠠᠷᠤᠭ᠎ᠠ ᠨᠠᠷ ᠲᠤ  ᠢᠯᠡᠭᠡᠵᠡᠢ᠃  

ᠬᠢᠮᠳᠠ ᠲᠥᠰᠦᠷ᠂ ᠬᠢᠯᠪᠠᠷ ᠬᠤᠷᠳᠤᠨ᠂ ᠲᠣᠮᠣ ᠲᠠᠯᠠᠪᠠᠢ ᠶᠢ ᠬᠠᠮᠤᠷᠳᠠᠭ ᠹᠤᠲ᠋ᠤ᠋ ᠮᠣᠨᠢᠲ᠋ᠣᠷᠢᠩ ᠦᠨ ᠠᠷᠭ᠎ᠠ ᠪᠠᠷ ᠪᠡᠯᠴᠢᠭᠡᠷ ᠠᠰᠢᠭᠯᠠᠯᠲᠠ ᠶᠢ ᠦᠨᠡᠯᠡᠵᠦ᠂ ᠶᠠᠮᠠᠷ ᠥᠭᠡᠷᠡᠴᠢᠯᠡᠯᠲᠡ ᠭᠠᠷᠤᠭᠰᠠᠨ ᠢ ᠢᠯᠡᠷᠡᠭᠦᠯᠦᠭᠰᠡᠨ ᠢᠶᠡᠷ ᠪᠡᠯᠴᠢᠭᠡᠷ ᠦᠨ ᠳᠠᠭᠠᠭᠠᠴᠠ ᠶᠢ ᠲᠣᠬᠢᠷᠠᠭᠤᠯᠬᠤ᠂ ᠭᠠᠵᠠᠷ ᠤᠨ ᠳᠣᠷᠣᠶᠢᠲᠠᠯ ᠠᠴᠠ ᠤᠷᠢᠳᠴᠢᠯᠠᠨ ᠰᠡᠷᠭᠡᠶᠢᠯᠡᠬᠦ᠂ ᠭᠠᠵᠠᠷ ᠵᠣᠬᠢᠶᠠᠨ ᠪᠠᠶᠢᠭᠤᠯᠤᠯᠲᠠ ᠶᠢ ᠲᠥᠯᠦᠪᠯᠡᠬᠦ᠂ ᠨᠥᠬᠦᠨ ᠰᠡᠷᠭᠦᠭᠡᠬᠦ ᠳᠦ ᠱᠠᠭᠠᠷᠳᠠᠯᠭ᠎ᠠ ᠲᠠᠢ ᠰᠠᠭᠤᠷᠢ ᠮᠡᠳᠡᠭᠡᠯᠡᠯ ᠢ ᠪᠦᠷᠢᠳᠦᠭᠦᠯᠬᠦ ᠠᠴᠢ ᠬᠣᠯᠪᠣᠭᠳᠠᠯ ᠲᠠᠢ ᠶᠤᠮ᠃ 

ᠰᠡᠳᠬᠢᠭᠳᠡᠯ ᠦᠯᠡᠳᠡᠭᠡᠬᠦ