ᠰᠣᠩᠭᠣᠭᠤᠯᠢ ᠶᠢ 2024 ᠣᠨ ᠤ ᠵᠢᠷᠭᠤᠳᠤᠭᠠᠷ ᠰᠠᠷ᠎ᠠ ᠶᠢᠨ 28  ᠳᠦ ᠶᠠᠪᠤᠭᠤᠯᠤᠨ᠎ᠠ  | News.MN

ᠰᠣᠩᠭᠣᠭᠤᠯᠢ ᠶᠢ 2024 ᠣᠨ ᠤ ᠵᠢᠷᠭᠤᠳᠤᠭᠠᠷ ᠰᠠᠷ᠎ᠠ ᠶᠢᠨ 28  ᠳᠦ ᠶᠠᠪᠤᠭᠤᠯᠤᠨ᠎ᠠ 

      ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠤᠯᠤᠰ ᠤᠨ ᠶᠡᠬᠡ ᠬᠤᠷᠠᠯ ᠤᠨ 2024 ᠣᠨ ᠤ ᠡᠭᠡᠯᠵᠢᠲᠦ ᠰᠣᠩᠭᠣᠭᠤᠯᠢ ᠶᠢ ᠲᠣᠪᠯᠠᠨ ᠵᠠᠷᠯᠠᠬᠤ᠂ ᠰᠠᠨᠠᠯ ᠠᠪᠬᠤ ᠡᠳᠦᠷ ᠢ ᠲᠣᠭᠲᠠᠭᠠᠬᠤ ᠲᠤᠬᠠᠢ ᠲᠣᠭᠲᠠᠭᠠᠯ ᠤᠨ ᠲᠥᠰᠥᠯ ᠢ ᠬᠡᠯᠡᠯᠴᠡᠯ᠎ᠡᠤᠭ ᠲᠣᠭᠲᠠᠭᠠᠯ ᠤᠨ ᠲᠥᠰᠥᠯ ᠦᠨ ᠬᠡᠯᠡᠯᠴᠡᠭᠦᠯᠭᠡ ᠡᠴᠡ ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠪᠦᠯᠦᠭ ᠵᠠᠪᠰᠠᠷᠯᠠᠭ᠎ᠠ ᠠᠪᠤᠭᠠᠳ ᠪᠠᠶᠢᠭᠰᠠᠨ ᠶᠤᠮ᠃ ᠤᠭ ᠠᠰᠠᠭᠤᠳᠠᠯ ᠢᠶᠠᠷ ᠵᠠᠪᠰᠠᠷᠯᠠᠭ᠎ᠠ ᠠᠪᠤᠭᠰᠠᠨ ᠬᠤᠭᠤᠴᠠᠭ᠎ᠠ ᠳᠠᠭᠤᠰᠤᠭᠰᠠᠨ ᠲᠤᠯᠠ ᠪᠠᠶᠢᠩᠭᠤ ᠶᠢᠨ ᠬᠣᠷᠢᠶᠠᠨ ᠤ ᠰᠠᠨᠠᠯ ᠢᠶᠠᠷ ᠲᠣᠭᠲᠠᠭᠠᠯ ᠤᠨ ᠲᠥᠰᠥᠯ ᠢ ᠪᠠᠲᠤᠯᠠᠬᠤ ᠰᠠᠨᠠᠯ ᠬᠤᠷᠢᠶᠠᠯᠲᠠ ᠶᠠᠪᠤᠭᠤᠯᠬᠤ ᠳᠤ ᠬᠤᠷᠠᠯᠳᠤᠭᠠᠨ ᠳᠤ ᠣᠷᠣᠯᠴᠠᠭᠰᠠᠨ ᠭᠡᠰᠢᠭᠦᠳ ᠦᠨ 56.5 ᠬᠤᠪᠢ ᠨᠢ ᠳᠡᠮᠵᠢᠵᠦ᠂ ᠲᠣᠭᠲᠠᠭᠠᠯ ᠤᠨ ᠲᠥᠰᠥᠯ ᠢ ᠪᠠᠲᠤᠯᠠᠯ᠎ᠠ᠃ 
      ᠤᠯᠤᠰ ᠤᠨ ᠶᠡᠬᠡ ᠬᠤᠷᠠᠯ ᠤᠨ ᠡᠭᠡᠯᠵᠢᠲᠦ ᠰᠣᠩᠭᠣᠭᠤᠯᠢ ᠶᠢᠨ ᠰᠠᠨᠠᠯ ᠠᠪᠬᠤ ᠠᠵᠢᠯᠯᠠᠭ᠎ᠠ ᠶᠢ 2024 ᠣᠨ ᠤ ᠵᠢᠷᠭᠤᠳᠤᠭᠠᠷ ᠰᠠᠷ᠎ᠠ ᠶᠢᠨ  ᠬᠤᠷᠢᠨ ᠨᠠᠢ᠌ᠮᠠᠨ ᠤ ᠪᠠᠰᠠᠩ ᠭᠠᠷᠠᠭ ᠲᠤ ᠵᠣᠬᠢᠶᠠᠨ ᠪᠠᠶᠢᠭᠤᠯᠤᠨ᠎ᠠᠰᠣᠩᠭᠣᠭᠤᠯᠢ ᠶᠢᠨ ᠰᠠᠨᠠᠯ ᠬᠤᠷᠢᠶᠠᠯᠲᠠ ᠶᠠᠪᠤᠭᠤᠯᠬᠤ ᠡᠳᠦᠷ ᠪᠦᠬᠦ ᠨᠡᠶᠢᠲᠡ ᠪᠡᠷ ᠢᠶᠡᠨ ᠠᠮᠠᠷᠠᠬᠤ ᠬᠠᠤᠯᠢ ᠶᠢᠨ ᠵᠣᠬᠢᠴᠠᠭᠤᠯᠤᠯᠲᠠ ᠲᠠᠢ ᠶᠤᠮ᠃ 

ᠰᠡᠳᠬᠢᠭᠳᠡᠯ ᠦᠯᠡᠳᠡᠭᠡᠬᠦ