ᠭᠠᠨᠳᠠᠨᠳᠡᠭᠴᠢᠯᠡᠨ ᠬᠡᠶᠢᠳ ᠰᠢᠨᠵᠢᠯᠡᠬᠦ ᠤᠬᠠᠭᠠᠨ ᠤ ᠠᠺᠠᠳ᠋ᠸᠮᠢ ᠲᠠᠢ ᠬᠠᠮᠲᠤᠷᠠᠨ ᠠᠵᠢᠯᠯᠠᠨ᠎ᠠ    | News.MN

ᠭᠠᠨᠳᠠᠨᠳᠡᠭᠴᠢᠯᠡᠨ ᠬᠡᠶᠢᠳ ᠰᠢᠨᠵᠢᠯᠡᠬᠦ ᠤᠬᠠᠭᠠᠨ ᠤ ᠠᠺᠠᠳ᠋ᠸᠮᠢ ᠲᠠᠢ ᠬᠠᠮᠲᠤᠷᠠᠨ ᠠᠵᠢᠯᠯᠠᠨ᠎ᠠ   

ᠮᠣᠩᠭᠣᠯ ᠤᠨ ᠪᠤᠷᠬᠠᠨ ᠤ ᠱᠠᠰᠢᠨᠲᠠᠨ ᠤ ᠲᠥᠪ ᠭᠠᠨᠳᠠᠨᠳᠡᠭᠴᠢᠯᠡᠨ ᠬᠡᠶᠢᠳ ᠦᠨ ᠲᠡᠷᠢᠭᠦᠨ ᠶᠡᠬᠡ ᠬᠠᠮᠪᠤ ᠷ∙ᠵᠢᠪᠽᠤᠨᠳᠤᠷᠵᠢ ᠪᠠᠲᠤᠴᠠᠭᠠᠨ ᠳᠤᠭᠠᠩ ᠳᠤ ᠰᠢᠨᠵᠢᠯᠡᠬᠦ ᠤᠬᠠᠭᠠᠨ ᠤ ᠠᠺᠠᠳ᠋ᠸᠮᠢ ᠶᠡᠷᠦᠩᠬᠡᠶᠢᠯᠡᠭᠴᠢ ᠳ ∙ ᠷᠧᠭᠳᠡᠯ ᠢ ᠬᠦᠯᠢᠶᠡᠨ ᠠᠪᠴᠤ ᠠᠭᠤᠯᠵᠠᠨ ᠬᠠᠮᠲᠤᠷᠠᠨ ᠠᠵᠢᠯᠯᠠᠬᠤ ᠰᠠᠨᠠᠯ ᠲᠠᠯᠪᠢᠭᠰᠠᠨ ᠪᠠᠢᠨ᠎ᠠ᠃  

ᠰᠢᠨ᠎ᠡ ᠬᠠᠮᠪᠤ ᠪᠤᠷᠬᠠᠨ ᠤ ᠱᠠᠰᠢᠨ ᠤ ᠰᠤᠷᠭᠠᠯ ᠢ ᠢᠷᠭᠡᠳ ᠲᠦ ᠵᠥᠪ ᠪᠥᠭᠡᠳ ᠬᠦᠷᠲᠡᠭᠡᠮᠵᠢᠲᠡᠢ ᠬᠦᠷᠭᠡᠬᠦ ᠶᠢ ᠵᠣᠷᠢᠨ ᠠᠵᠢᠯᠯᠠᠵᠤ ᠪᠠᠶᠢᠭ᠎ᠠ ᠲᠤᠯᠠ ᠯᠠᠮᠠ ᠬᠤᠸᠠᠷᠠᠭ ᠤᠳ᠂ ᠰᠢᠨᠵᠢᠯᠡᠬᠦ ᠤᠬᠠᠭᠠᠨ ᠤ ᠡᠷᠳᠡᠮᠲᠡᠳ ᠲᠡᠢ ᠬᠠᠮᠲᠤᠷᠠᠨ ᠰᠠᠷ᠎ᠠ ᠳᠤ ᠨᠢᠭᠡ ᠤᠳᠠᠭ᠎ᠠ ᠣᠯᠠᠨ ᠨᠡᠶᠢᠲᠡ ᠶᠢᠨ ᠮᠡᠳᠡᠭᠡᠯᠡᠯ ᠦᠨ ᠬᠡᠷᠡᠭᠰᠡᠯ ᠢᠶᠡᠷ ᠳᠠᠮᠵᠢᠭᠤᠯᠤᠨ ᠬᠡᠯᠡᠯᠴᠡᠭᠦᠯᠭᠡ ᠬᠢᠬᠦ ᠰᠠᠨᠠᠯ ᠭᠠᠷᠭᠠᠵᠠᠢ᠃ ᠮᠥᠨ ᠪᠤᠷᠬᠠᠨ ᠤ ᠱᠠᠰᠢᠨ ᠤ ᠨᠡᠷ᠎ᠡ ᠲᠣᠮᠢᠶ᠎ᠠ ᠶᠢ ᠣᠷᠴᠢᠨ ᠴᠠᠭ ᠤᠨ ᠮᠣᠩᠭᠣᠯ ᠬᠡᠯᠡᠨ᠎ᠡ ᠣᠨᠣᠪᠴᠢᠲᠠᠢ ᠪᠠᠭᠤᠯᠭᠠᠵᠤ ᠲᠣᠯᠢ ᠪᠢᠴᠢᠭ ᠭᠠᠷᠭᠠᠬᠤ ᠬᠦᠰᠡᠯ ᠲᠡᠢ ᠪᠠᠶᠢᠭ᠎ᠠ ᠪᠠᠨ ᠢᠯᠡᠷᠬᠡᠶᠢᠯᠡᠭᠰᠡᠨ ᠪᠠᠶᠢᠨ᠎ᠠ᠃

ᠰᠡᠳᠬᠢᠭᠳᠡᠯ ᠦᠯᠡᠳᠡᠭᠡᠬᠦ