ᠠᠷᠠᠳᠴᠢᠯᠠᠭᠰᠠᠨ ᠦᠨᠳᠦᠰᠦᠨ ᠬᠠᠤᠯᠢ ᠪᠠᠲᠤᠯᠠᠭᠰᠠᠨ ᠤ ᠣᠢ ᠶᠢᠨ ᠡᠳᠦᠷ ᠲᠣᠬᠢᠶᠠᠵᠤ ᠪᠠᠶᠢᠨ᠎ᠠ  | News.MN

ᠠᠷᠠᠳᠴᠢᠯᠠᠭᠰᠠᠨ ᠦᠨᠳᠦᠰᠦᠨ ᠬᠠᠤᠯᠢ ᠪᠠᠲᠤᠯᠠᠭᠰᠠᠨ ᠤ ᠣᠢ ᠶᠢᠨ ᠡᠳᠦᠷ ᠲᠣᠬᠢᠶᠠᠵᠤ ᠪᠠᠶᠢᠨ᠎ᠠ 

ᠮᠣᠩᠭᠣᠯ ᠤᠯᠤᠰ ᠲᠡᠦᠬᠡᠨ ᠳᠦ ᠪᠡᠨ ᠳᠦᠷᠪᠡᠳᠦᠭᠡᠷ ᠦᠨᠳᠦᠰᠦᠨ ᠬᠠᠤᠯᠢ ᠪᠤᠶᠤ ᠠᠷᠠᠳᠴᠢᠯᠠᠭᠰᠠᠨ ᠦᠨᠳᠦᠰᠦᠨ ᠬᠠᠤᠯᠢ ᠪᠠᠨ ᠪᠠᠲᠤᠯᠠᠭᠰᠠᠨ ᠤ 32 ᠵᠢᠯ ᠦᠨ ᠣᠢ ᠥᠨᠥᠳᠥᠷ ᠲᠣᠬᠢᠶᠠᠵᠤ ᠪᠠᠶᠢᠨ᠎ᠠᠰᠢᠨ᠎ᠡ ᠠᠷᠠᠳᠴᠢᠯᠠᠭᠰᠠᠨ ᠦᠨᠳᠦᠰᠦᠨ ᠬᠠᠤᠯᠢ ᠨᠢ ᠣᠷᠣᠰᠢᠯ᠂ ᠵᠢᠷᠭᠤᠭᠠᠨ ᠪᠦᠯᠦᠭ᠂ ᠳᠠᠯᠠᠨ ᠵᠦᠢᠯ ᠲᠡᠢ ᠪᠥᠭᠡᠳ ᠮᠣᠩᠭᠣᠯ ᠤᠯᠤᠰ ᠪᠣᠯ ᠬᠦᠮᠦᠨ ᠦ ᠡᠷᠬᠡ᠂ ᠡᠷᠬᠡ ᠴᠢᠯᠦᠭᠡ ᠶᠢ ᠳᠡᠭᠡᠳᠦᠯᠡᠭᠰᠡᠨ ᠢᠷᠭᠡᠨ ᠲᠥᠪ ᠲᠡᠢ ᠠᠷᠠᠳᠴᠢᠯᠠᠭᠰᠠᠨ ᠤᠯᠤᠰ ᠭᠡᠳᠡᠭ ᠢ ᠲᠤᠩᠬᠠᠭᠯᠠᠭᠰᠠᠨ ᠶᠤᠮ᠃ 

ᠮᠣᠩᠭᠣᠯ ᠤᠯᠤᠰ ᠠᠷᠠᠳᠴᠢᠯᠠᠭᠰᠠᠨ ᠰᠢᠨ᠎ᠡ ᠦᠨᠳᠦᠰᠦᠨ ᠬᠠᠤᠯᠢ  ᠶᠢ ᠤᠯᠤᠰ ᠲᠥᠷᠥ ᠶᠢᠨ ᠣᠯᠠᠨ ᠨᠠᠮ ᠤᠨ ᠲᠥᠯᠥᠭᠡᠯᠡᠯ ᠲᠡᠢ ᠪᠡᠷ ᠠᠩᠬᠠᠨ ᠤ ᠠᠷᠠᠳᠴᠢᠯᠠᠭᠰᠠᠨ ᠴᠢᠯᠦᠭᠡᠲᠦ ᠰᠣᠩᠭᠣᠭᠤᠯᠢ ᠪᠠᠷ ᠪᠠᠶᠢᠭᠤᠯᠤᠭᠳᠠᠵᠤ᠂ ᠲᠥᠷᠥ ᠶᠢᠨ ᠡᠷᠬᠡ ᠮᠡᠳᠡᠯ ᠢ ᠬᠡᠷᠡᠭᠵᠢᠭᠦᠯᠵᠦ ᠪᠠᠶᠢᠭᠰᠠᠨ ᠠᠷᠠᠳ ᠤᠨ ᠶᠡᠬᠡ ᠬᠤᠷᠠᠯ ᠤᠨ 430 ᠭᠠᠷᠤᠢ ᠳ᠋ᠧᠫᠦᠲ᠋ᠠᠲ᠂ ᠤᠯᠤᠰ ᠤᠨ ᠪᠠᠭ᠎ᠠ ᠬᠤᠷᠠᠯ ᠤᠨ 50 ᠭᠠᠷᠤᠢ ᠭᠡᠰᠢᠭᠦᠨ ᠣᠶᠤᠨ ᠤᠬᠠᠭᠠᠨ ᠢᠶᠠᠨ ᠤᠷᠤᠯᠳᠤᠭᠤᠯᠤᠨ 75 ᠬᠣᠨᠣᠭ ᠬᠡᠯᠡᠯᠴᠡᠨ ᠪᠠᠲᠤᠯᠠᠭᠰᠠᠨ ᠶᠤᠮ᠃ ᠮᠥᠨ ᠰᠢᠨ᠎ᠡ ᠦᠨᠳᠦᠰᠦᠨ ᠬᠠᠤᠯᠢ ᠶᠢ ᠪᠠᠲᠤᠯᠠᠬᠤ ᠣᠯᠠᠨ ᠨᠡᠶᠢᠲᠡ ᠶᠢᠨ ᠬᠡᠯᠡᠯᠴᠡᠭᠦᠯᠭᠡ ᠳᠦ ᠮᠣᠩᠭᠣᠯ ᠤᠨ ᠨᠡᠶᠢᠲᠡ 1.2 ᠰᠠᠶ᠎ᠠ ᠢᠷᠭᠡᠨ ᠦ 75 ᠣᠷᠴᠢᠮ ᠬᠤᠪᠢ ᠨᠢ ᠣᠷᠣᠯᠴᠠᠵᠤ᠂ 200 ᠮᠢᠩᠭ᠎ᠠ ᠭᠠᠷᠤᠢ ᠰᠠᠨᠠᠯ ᠢᠷᠡᠭᠦᠯᠵᠦ ᠪᠠᠢᠪᠠ 

 

ᠰᠡᠳᠬᠢᠭᠳᠡᠯ ᠦᠯᠡᠳᠡᠭᠡᠬᠦ