ᠬᠡᠷᠡᠭᠯᠡᠭᠡᠨ ᠦ ᠪᠠᠷᠠᠭ᠎ᠠ᠂ ᠦᠢᠯᠡᠴᠢᠯᠡᠭᠡᠨ ᠦ ᠦᠨ᠎ᠡ ᠥᠩᠭᠡᠷᠡᠭᠰᠡᠨ ᠣᠨ ᠤ ᠠᠷᠪᠠᠨ ᠬᠣᠶᠠᠳᠤᠭᠠᠷ ᠰᠠᠷ᠎ᠠ ᠳᠤ ᠤᠯᠤᠰ ᠤᠨ ᠬᠡᠮᠵᠢᠶᠡᠨ ᠳᠦ ᠡᠮᠦᠨᠡᠬᠢ ᠣᠨ ᠤ ᠮᠥᠨ ᠦᠶ᠎ᠡ ᠡᠴᠡ 7.9 ᠬᠤᠪᠢ᠂ ᠡᠮᠦᠨᠡᠬᠢ ᠰᠠᠷ᠎ᠠ ᠠᠴᠠ 0.4 ᠬᠤᠪᠢ ᠪᠠᠷ ᠥᠰᠴᠠᠢ᠃ ᠲᠡᠭᠦᠨᠴᠢᠯᠡᠨ ᠪᠠᠷᠠᠭᠠᠨ ᠤ ᠪᠦᠯᠦᠭ ᠦᠨ ᠦᠨ᠎ᠡ 8.4 ᠬᠤᠪᠢ᠂ ᠦᠢᠯᠡᠴᠢᠯᠡᠭᠡᠨ ᠦ ᠪᠦᠯᠦᠭ ᠦᠨ ᠦᠨ᠎ᠡ 9.4 ᠬᠤᠪᠢ᠂ ᠬᠦᠨᠡᠰᠦᠨ ᠦ ᠪᠦᠯᠦᠭ ᠦᠨ ᠦᠨ᠎ᠡ 12.4 ᠬᠤᠪᠢ᠂ ᠬᠦᠨᠡᠰᠦᠨ ᠦ ᠪᠤᠰᠤ ᠪᠦᠯᠦᠭ ᠦᠨ ᠦᠨ᠎ᠡ 7.2 ᠬᠤᠪᠢ ᠪᠠᠷ ᠥᠰᠦᠭᠰᠡᠨ ᠨᠢ ᠬᠠᠮᠤᠭ ᠤᠨ ᠥᠨᠳᠦᠷ ᠦᠵᠡᠭᠦᠯᠦᠯᠲᠡ ᠶᠤᠮ᠃
ᠢᠨᠹᠯᠢᠶᠠᠼ ᠤᠨ ᠲᠦᠪᠰᠢᠨ ᠪᠤᠶᠤ ᠬᠡᠷᠡᠭᠯᠡᠭᠡᠨ ᠦ ᠪᠠᠷᠠᠭ᠎ᠠ᠂ ᠦᠢᠯᠡᠴᠢᠯᠡᠭᠡᠨ ᠦ ᠦᠨ᠎ᠡ 2022 ᠣᠨ ᠤ ᠠᠷᠪᠠᠨ ᠬᠣᠶᠠᠳᠤᠭᠠᠷ ᠰᠠᠷ᠎ᠠ ᠳᠤ 13.2 ᠬᠤᠪᠢ ᠲᠠᠢ ᠭᠠᠷᠴᠤ ᠪᠠᠶᠢᠭᠰᠠᠨ ᠪᠣᠯ ᠥᠩᠭᠡᠷᠡᠭᠰᠡᠨ ᠣᠨ ᠤ ᠠᠷᠪᠠᠨ ᠬᠣᠶᠠᠳᠤᠭᠠᠷ ᠰᠠᠷ᠎ᠠ ᠳᠤ 7.9 ᠬᠤᠪᠢ ᠪᠣᠯᠵᠤ᠂ ᠦᠰᠦᠯᠲᠡ ᠶᠢᠨ ᠬᠤᠷᠳᠤᠴᠠ ᠡᠮᠦᠨᠡᠬᠢ ᠣᠨ ᠤ ᠮᠥᠨ ᠦᠶ᠎ᠡ ᠡᠴᠡ 5.3 ᠨᠢᠭᠡᠴᠡ ᠬᠤᠪᠢ ᠪᠠᠷ ᠪᠠᠭᠤᠷᠠᠵᠠᠢ᠃